ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠨᠠᠨ ᠤ ᠴᠤᠸᠠᠩ ᠮᠢᠩ ᠪᠦᠯᠦᠭᠯᠡᠯ ᠲᠠᠢ ᠶᠠᠷᠢᠯᠴᠠᠬᠤ ᠬᠤᠷᠠᠯ ᠬᠢᠵᠡᠢ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠨᠠᠨ ᠤ ᠴᠤᠸᠠᠩ ᠮᠢᠩ ᠪᠦᠯᠦᠭᠯᠡᠯ ᠲᠠᠢ ᠶᠠᠷᠢᠯᠴᠠᠬᠤ ᠬᠤᠷᠠᠯ ᠬᠢᠵᠦ᠂ ᠴᠤᠸᠠᠩ ᠳ᠋ᠠ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠠᠭᠠᠭᠠᠮᠠᠯ ᠪᠥᠭᠡᠳ ᠬᠤᠨᠠᠨ ᠤ ᠴᠤᠸᠠᠩ ᠮᠢᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠧ ᠹᠦ᠋ ᠵᠢᠶᠦ᠋ᠨ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ     ᠬᠤᠷᠠᠯ ᠳᠡᠭᠡᠷ᠎ᠡ᠂ ᠰᠢᠶᠧ ᠹᠦ᠋ ᠵᠢᠶᠦ᠋ᠨ ᠰᠠᠭᠠᠷᠮᠠᠭ ᠲᠡᠮᠦᠷ ᠤᠨ ᠰᠢᠰᠲ᠋ᠧᠮ ᠤᠨ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠤ ᠤᠶᠤᠨᠴᠢᠯᠠᠭᠰᠠᠨ ᠬᠠᠩᠭᠠᠯᠭ᠎ᠠ᠂ ᠰᠢᠨ᠎ᠡ ᠡᠨᠧᠷᠭᠢ ᠶᠢᠨ ᠪᠡᠯᠡᠳᠬᠡᠯ ᠵᠡᠷᠭᠡ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠡᠭᠦᠨ ᠤ ᠬᠠᠮᠲᠤ᠂ ᠬᠤᠨᠠᠨ ᠤ ᠴᠤᠸᠠᠩ ᠮᠢᠩ ᠪᠦᠯᠦᠭᠯᠡᠯ ᠲᠤᠰ ᠪᠡᠶ᠎ᠡ ᠶᠢᠨ ᠮᠡᠷᠭᠡᠵᠢᠯ ᠪᠣᠯᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠴᠢᠨᠠᠷ ᠰᠠᠶᠢᠳᠠᠢ ᠪᠡᠶᠡᠯᠡᠭᠳᠡᠬᠦ ᠶᠢ ᠪᠠᠲᠤᠯᠠᠨ᠎ᠠ ᠭᠡᠵᠦ ᠢᠯᠡᠳᠬᠡᠪᠡ᠃    ᠰᠦᠨ ᠱᠦ ᠲᠤᠤ᠂ ᠡᠨᠡ ᠤᠳᠠᠭ᠎ᠠ ᠶᠢᠨ ᠬᠤᠨᠠᠨ ᠤ ᠴᠤᠸᠠᠩ ᠮᠢᠩ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠰ ᠤᠨ ᠳᠡᠰ ᠳᠡᠪᠰᠢᠬᠦ ᠪᠠ ᠠᠵᠤ ᠠᠬᠤᠶ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠤᠳ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠲᠥᠷᠥᠯ ᠵᠦᠢᠯ ᠤᠨ ᠴᠢᠬᠤᠯᠠ ᠴᠢᠨᠠᠷ ᠢ ᠲᠠᠨᠢᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠲᠥᠯᠥᠪᠵᠢᠭᠦᠯᠭᠡ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠨ᠂ ᠰᠠᠭᠠᠷᠮᠠᠭ ᠲᠡᠮᠦᠷ ᠤᠨ ᠰᠢᠰᠲ᠋ᠧᠮ ᠤᠨ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ ᠳ᠋ᠢᠶᠠᠨ ‍ᠤᠤᠢ ᠦᠢᠯᠡᠳᠪᠤᠷᠢᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠤ ᠤᠶᠤᠨᠴᠢᠯᠠᠭᠰᠠᠨ ᠬᠠᠩᠭᠠᠯᠭ᠎ᠠ᠂ ᠰᠢᠨ᠎ᠡ ᠡᠨᠧᠷᠭᠢ ᠶᠢᠨ ᠪᠡᠯᠡᠳᠬᠡᠯ ᠵᠡᠷᠭᠡ ᠲᠥᠷᠥᠯ ᠵᠦᠢᠯ ᠤᠨ ᠥᠨᠳᠥᠷ ᠪᠦᠲᠦᠮᠵᠢᠲᠡᠶ ᠪᠥᠭᠡᠳ ᠲᠣᠭᠲᠠᠭᠤᠨ ᠢᠶᠠᠷ ᠠᠬᠢᠭᠤᠯᠬᠤ ᠶᠢ  ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠯᠢᠦ ᠬᠠᠶ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠨᠠᠨ ᠤ ᠴᠤᠸᠠᠩ ᠮᠢᠩ ᠪᠦᠯᠦᠭᠯᠡᠯ ᠲᠠᠢ ᠬᠠᠮᠲᠤᠷᠠᠨ ᠠᠵᠢᠯᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠦᠢᠯ ᠢ ᠳᠥᠯᠭᠢᠨ ᠠᠬᠢᠭᠤᠯᠬᠤ ᠳᠤ ᠴᠢᠨᠠᠷ ᠰᠠᠶᠢᠲᠠᠶ ᠦᠢᠯᠡᠴᠢᠯᠡᠭᠡ ᠪᠠ ᠰᠠᠶᠢᠨ ᠰᠠᠶᠢᠬᠠᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠬᠠᠩᠭᠠᠵᠤ᠂ ᠵᠠᠰᠠᠭ ᠠᠵᠤ ᠠᠬᠤᠶᠢᠯᠠᠯ ᠤᠨ ᠬᠤᠭᠤᠷᠣᠨᠳᠣ ᠪᠠᠨ ᠨᠡᠪᠲᠡᠷᠡᠯᠴᠡᠨ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠥᠨᠳᠥᠷ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠳᠥᠯᠭᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠪᠠᠷ ᠬᠠᠮᠵᠢᠯᠴᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠨ ᠥᠭᠴᠦ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠲᠥᠯᠥᠪᠵᠢᠭᠦᠯᠭᠡ ᠪᠣᠯᠤᠨ ᠠᠬᠢᠭᠤᠯᠤᠭᠰᠠᠨ ᠪᠠᠶᠢᠳᠠᠯ ᠤᠨ ᠲᠣᠭᠤᠷᠢᠨ ᠳᠤ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号