| 2024 ᠣᠨ ᠤ 12 ᠰᠠᠷ᠎ᠠ ᠶᠢᠨ 27 ᠤ ᠡᠳᠦᠷ — 2025 ᠣᠨ ᠤ 3 ᠰᠠᠷ᠎ᠠ ᠶᠢᠨ 1 ᠤ ᠡᠳᠦᠷ | ᠪᠤᠯᠳᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ᠮᠥᠰᠥ ᠴᠠᠰᠤᠨ ᠤ ᠨᠠᠶᠢᠷ | ᠨᠠᠭᠠᠳᠤᠮ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠠᠪᠤᠭᠳᠠᠬᠤ ᠪᠠᠷ ᠪᠠᠶᠢᠨ᠎ᠠ᠃ ᠪᠥᠬᠦ | ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠮᠥᠰᠥ | ᠴᠠᠰᠤᠨ ᠤ ᠮᠦᠩᠭᠦᠨ ᠦᠵᠡᠮᠵᠢ ᠶᠢ ᠬᠠᠮᠲᠤ ᠪᠠᠷ ᠰᠣᠨᠢᠷᠬᠠᠨ᠂ ᠰᠠᠶᠢᠨ ᠰᠠᠶᠢᠬᠠᠨ ᠴᠠᠭ ᠮᠥᠴᠡ ᠶᠢ ᠬᠠᠮᠲᠤ ᠪᠠᠷ | ᠥᠩᠭᠡᠷᠡᠭᠦᠯᠬᠦ ᠶᠢ ᠤᠷᠢᠵᠤ ᠪᠠᠶᠢᠨ᠎ᠠ᠃ | ᠡᠨᠡ ᠵᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ︽1+3+N︾ ᠡᠪᠦᠯ ᠤᠨ | ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠵᠠᠭᠪᠤᠷ ᠢ ᠨᠠᠷᠢᠨ ᠨᠢᠮᠪᠠᠶ ᠲᠥᠯᠥᠪᠯᠡᠵᠦ᠂ ᠳᠠᠷᠤᠶ ᠨᠢᠭᠡᠨ | ᠭᠤᠣᠯᠳᠠᠯᠭ᠎ᠠ ᠲᠠᠢ ᠠᠵᠢᠯᠯᠠᠭ᠎ᠠ — ᠳ᠋ᠧᠩ ᠤᠨ ᠴᠤᠭᠯᠠᠭᠠᠨ ᠤ ᠤᠷᠠᠨ ᠰᠠᠶᠢᠬᠠᠨ ᠤ ᠠᠵᠢᠯᠯᠠᠭ᠎ᠠ ᠪᠠᠷ | ᠲᠣᠯᠣᠭᠠᠶᠢᠯᠠᠭᠤᠯᠤᠭᠰᠠᠨ ᠭᠤᠷᠪᠠᠨ ᠥᠪᠡᠷᠮᠢᠴᠡ ᠣᠨᠴᠠᠯᠢᠭ ᠲᠠᠢ ᠠᠵᠢᠯᠯᠠᠭ᠎ᠠ᠂ ᠳᠠᠷᠤᠶ ᠴᠠᠰᠤᠲᠤ ᠲᠣᠰᠬᠤᠨ ᠤ | ᠴᠠᠰᠤᠨ ᠳᠤ ᠭᠤᠯᠭᠤᠬᠤ ᠲᠠᠯᠠᠪᠤᠷ ᠤᠨ ᠴᠠᠰᠤᠨ ᠳᠤ ᠭᠤᠯᠭᠤᠬᠤ ᠤᠷᠤᠯᠳᠤᠭᠠᠨ᠂ ᠵᠢᠯ ᠤᠨ ᠭᠠᠭ᠋ᠠᠶ ᠠᠯᠠᠬᠤ ᠴᠠᠭᠠᠨ | ᠰᠠᠷ᠎ᠠ ᠶᠢᠨ ᠠᠵᠢᠯᠯᠠᠭ᠎ᠠ ᠪᠠ ᠴᠠᠷᠠᠰᠤᠨ ᠤ ᠡᠪᠦᠯ ᠤᠨ ᠤᠯᠠᠷᠢᠯ ᠤᠨ ᠵᠢᠭᠠᠰᠤ ᠠᠩᠨᠠᠬᠤ ᠠᠵᠢᠯᠯᠠᠭ᠎ᠠ ᠵᠢᠴᠢ N | ᠲᠦᠷᠦᠯ ᠤᠨ ᠪᠤᠰᠤᠳ ᠠᠵᠢᠯᠯᠠᠭ᠎ᠠ ᠪᠣᠯᠤᠨ᠎ᠠ᠃ ᠳᠠᠷᠤᠢ ︽ᠵᠠᠰᠠᠭᠳᠤ ᠶᠢᠨ ᠢᠷᠥᠭᠡᠯ︾ ᠭᠡᠬᠦ 2025 ᠣᠨ ᠤ | ᠴᠠᠭᠠᠨ ᠰᠠᠷ᠎ᠠ ᠶᠢᠨ ᠦᠳᠡᠰᠢᠯᠡᠭᠡ᠂ ᠡᠪᠦᠯ ᠤᠨ ᠤᠯᠠᠷᠢᠯ ᠤᠨ ᠵᠢᠭᠠᠰᠤ ᠭᠥᠬᠢᠳᠡᠬᠦ ᠤᠷᠤᠯᠳᠤᠭᠠᠨ᠂ ᠦᠯᠵᠡᠶᠢᠳᠦ | ᠡᠳᠦᠷ ᠤᠨ ᠪᠠᠶᠠᠷ ᠢ ᠪᠡᠯᠭᠡᠯᠡᠨ ᠤᠨᠢᠰᠤᠭ᠎ᠠ ᠲᠠᠭᠠᠬᠤ᠂ ᠮᠦᠰᠦ ᠴᠠᠰᠤᠨ ᠳᠤ ᠬᠡᠤᠬᠡᠳ ᠲᠠᠢ ᠪᠠᠨ ᠬᠠᠮᠳᠤ | ᠰᠤᠷᠤᠯᠴᠠᠨ ᠵᠤᠭᠠᠴᠠᠬᠤ ᠠᠵᠢᠯᠯᠠᠭ᠎ᠠ ᠶᠢ ᠨᠡᠮᠡᠵᠦ᠂ ᠡᠭᠦᠨ ᠤ ᠬᠠᠮᠳᠤ ᠴᠠᠰᠤᠳᠤ ᠦᠵᠡᠮᠵᠢ ᠶᠢ ᠰᠤᠨᠢᠷᠬᠠᠬᠤ᠂ ᠮᠦᠰᠦ | ᠴᠠᠰᠤᠨ ᠳᠤ ᠨᠠᠭᠠᠳᠬᠤ᠂ ᠠᠷᠠᠳ ᠤᠨ ᠵᠠᠩ ᠦᠢᠯᠡ ᠶᠢ ᠰᠤᠨᠢᠷᠬᠠᠬᠤ᠂ ᠴᠠᠭᠠᠨ ᠰᠠᠷ᠎ᠠ ᠪᠠᠨ ᠪᠡᠯᠭᠡᠯᠡᠬᠦ᠂ | ᠥᠯᠵᠡᠶᠢᠲᠦ ᠡᠳᠦᠷ ᠢ ᠪᠡᠯᠭᠡᠯᠡᠬᠦ᠂ ᠠᠮᠳᠠᠳᠤ ᠢᠳᠡᠭᠡᠨ ᠢᠳᠡᠬᠦ᠂ ᠥᠪᠡᠷ ᠢᠶᠠᠨ ᠲᠡᠷᠭᠡ ᠵᠢᠯᠣᠭᠤᠳᠬᠤ᠂ ᠰᠤᠶᠤᠯ ᠤᠨ | ᠡᠭᠦᠳᠦᠯᠳᠡ ᠶᠢᠨ ᠪᠦᠳᠦᠭᠡᠭᠳᠡᠬᠦᠨ ᠢ ᠬᠤᠳᠠᠯᠳᠤᠨ ᠠᠪᠬᠤ ᠵᠡᠷᠭᠡ 8 ᠶᠡᠭᠡ ᠡᠪᠦᠯ ᠤᠨ ᠤᠯᠠᠷᠢᠯ ᠤᠨ | ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠦᠨ᠎ᠡ᠃ ᠴᠠᠰᠤᠨ ᠳᠤ ᠭᠤᠯᠭᠤᠬᠤ ᠳᠤᠷᠠᠲᠠᠶ ᠬᠥᠮᠦᠨ ᠴᠦ | ᠲᠡᠷᠡ᠂ ᠡᠪᠦᠯ ᠤᠨ ᠤᠯᠠᠷᠢᠯ ᠤᠨ ᠥᠩᠭᠡ ᠦᠵᠡᠮᠵᠢ ᠳᠤ ᠳᠤᠷᠠᠲᠠᠶ ᠭᠡᠷᠡᠯ ᠵᠢᠷᠤᠭ ᠲᠠᠲᠠᠬᠤ ᠳᠤᠷᠠᠲᠠᠶ ᠬᠥᠮᠦᠨ ᠴᠦ | ᠲᠡᠷᠡ᠂ ᠠᠮᠲᠠᠲᠤ ᠢᠳᠡᠭᠡᠨ ᠳᠤ ᠳᠤᠷᠠᠲᠠᠶ ᠬᠥᠮᠦᠨ ᠴᠦ ᠲᠡᠷᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ | ᠲᠠᠨ ᠳᠤ ᠯᠠᠪᠳᠠᠢ ᠮᠠᠷᠲᠠᠭᠳᠠᠰᠢ ᠦᠭᠡᠶ ᠡᠪᠦᠯ ᠤᠨ ᠤᠯᠠᠷᠢᠯ ᠤᠨ ᠦᠪᠡᠳᠡᠭᠰᠢ ᠶᠣᠰᠣᠯᠠᠯ ᠢ ᠦᠵᠡᠭᠦᠯᠬᠦ ᠪᠤᠯᠤᠨ᠎ᠠ᠃ |