| ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠣᠶᠢᠯᠠᠭᠠᠬᠤ | ᠨᠤᠷᠮ᠎ᠠ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠪᠦᠷᠢᠳᠬᠡᠬᠦ ᠰᠢᠨ᠎ᠡ ᠪᠠᠶᠢᠳᠠᠯ ᠢ ᠪᠥᠬᠦ ᠲᠠᠯ᠎ᠠ ᠪᠠᠷ ᠪᠤᠢ | ᠪᠣᠯᠭᠠᠬᠤ ᠶᠢᠨ ᠲᠦᠯᠦᠭᠡ᠂ 12 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ | ᠠᠯᠳᠠᠷ ᠰᠤᠮᠤ ︽12 · 8︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠨᠡᠶᠢᠲᠡᠯᠡᠭᠳᠡᠭᠰᠡᠨ 41 ᠵᠢᠯ ᠤᠨ ᠣᠶ ᠶᠢᠨ ᠳᠤᠷᠠᠰᠬᠠᠯ ᠤᠨ ᠡᠳᠦᠷ ᠤᠨ ᠴᠢᠬᠤᠯᠠ ᠵᠠᠩᠭᠢᠯᠠᠭ᠎ᠠ ᠶᠢᠨ | ᠴᠡᠭ ᠲᠠᠢ ᠤᠶᠠᠯᠳᠤᠭᠤᠯᠤᠨ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠭᠠᠷ ᠳᠡᠪᠲᠡᠷ ᠲᠠᠷᠬᠠᠭᠠᠬᠤ ᠵᠡᠷᠭᠡ ᠪᠠᠷ ᠨᠡᠶᠢᠭᠡᠮ ᠤᠨ ᠣᠯᠠᠨ ᠲᠦᠮᠡᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠵᠤ᠂ | ᠲᠤᠭ᠎ᠠ ᠪᠦᠷᠢᠳᠬᠡᠯ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠭᠤᠣᠯ ᠪᠣᠯᠬᠤ ᠬᠢᠯᠠᠰ ᠴᠡᠭ᠂ | ᠴᠢᠬᠤᠯᠠ ᠶᠡᠭᠡ ᠠᠴᠢ ᠬᠤᠯᠪᠣᠭᠳᠠᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠠᠭᠤᠯᠭ᠎ᠠ ᠶᠢ | ᠨᠠᠷᠢᠨ ᠬᠢᠨᠠᠮᠠᠭᠠᠶ ᠲᠠᠶᠢᠯᠪᠤᠷᠢᠯᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠥᠷᠭᠡᠨ ᠤᠯᠠᠨ ᠲᠦᠮᠡᠨ ᠤ ᠰᠠᠨᠠᠯ | ᠰᠠᠨᠠᠭᠤᠯᠭ᠎ᠠ ᠶᠢ ᠲᠤᠬᠠᠶ ᠶᠢᠨ ᠭᠠᠵᠠᠷ ᠲᠤᠨᠢ ᠴᠤᠭᠯᠠᠭᠤᠯᠤᠨ᠂ ᠬᠠᠤᠯᠢ ᠶᠣᠰᠣᠭᠠᠷ ᠪᠦᠷᠢᠳᠬᠡᠬᠦ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠵᠤ᠂ ᠥᠷᠭᠡᠨ ᠤᠯᠠᠨ ᠲᠦᠮᠡᠨ ᠤ ᠲᠤᠭ᠎ᠠ | ᠪᠦᠷᠢᠳᠬᠡᠯ ᠢ ᠲᠠᠨᠢᠬᠤ᠂ ᠲᠤᠭ᠎ᠠ ᠪᠦᠷᠢᠳᠬᠡᠯ ᠢ ᠣᠶᠢᠯᠠᠭᠠᠬᠤ᠂ ᠲᠤᠭ᠎ᠠ ᠪᠦᠷᠢᠳᠬᠡᠯ ᠢ ᠳᠡᠮᠵᠢᠬᠦ ᠶᠢ ᠠᠬᠢᠭᠤᠯᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠣᠳᠣᠬᠠᠨ ᠤ ᠣᠯᠠᠨ ᠲᠦᠮᠡᠨ ᠤ ᠠᠩᠬᠠᠷᠴᠤ ᠪᠠᠶᠢᠭ᠎ᠠ ᠲᠤᠭ᠎ᠠ | ᠪᠦᠷᠢᠳᠬᠡᠯ ᠤᠨ ᠬᠠᠯᠠᠮᠰᠢᠯ ᠠᠰᠠᠭᠤᠳᠠᠯ᠂ ᠬᠦᠴᠢᠷᠲᠡᠶ ᠠᠰᠠᠭᠤᠳᠠᠯ ᠳᠤ ᠲᠠᠶᠢᠯᠤᠮᠵᠢ ᠬᠢᠪᠡ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠨᠡᠶᠢᠭᠡᠮ ᠤᠨ ᠲᠠᠨᠢᠯᠲᠠ ᠪᠠ ᠨᠥᠯᠥᠭᠡᠯᠡᠬᠦ ᠬᠦᠴᠦᠨ ᠢ | ᠬᠦᠴᠦᠲᠡᠶ ᠳᠡᠭᠡᠭᠰᠢᠯᠡᠭᠦᠯᠤᠨ᠂ ᠥᠷᠭᠡᠨ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ | ᠬᠠᠤᠯᠢᠵᠢᠯ ᠤᠨ ᠦᠵᠡᠯᠲᠡ ᠶᠢ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠳᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠨᠢ | ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠭᠦᠨᠵᠡᠭᠡᠢ ᠣᠶᠢᠯᠠᠭᠠᠯᠲᠠ ᠲᠠᠢ | ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ ᠪᠠᠲᠤ ᠪᠠᠬᠢ | ᠬᠠᠤᠯᠢᠵᠢᠯ ᠤᠨ ᠪᠠᠲᠤᠯᠠᠭ᠎ᠠ ᠬᠠᠩᠭᠠᠵᠠᠢ᠃ | |