​ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠫᠤᠤᠵᠢᠩ ᠬᠤᠸᠠᠷ ᠫᠤᠤᠵᠢᠩ ᠤᠨ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2024/12/17
    ᠬᠤᠣᠰ ᠪᠠᠶᠠᠷ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠢᠶᠠᠷ᠂ ᠫᠤᠤᠵᠢᠩ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ 12 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠳᠠᠷᠤᠭ᠎ᠠ ᠯᠢ ᠭᠤᠸᠠᠩ᠂ ᠳᠡᠳ᠋ ᠳᠠᠷᠤᠭ᠎ᠠ ᠯᠢᠦ ᠰᠢᠤᠸᠠᠢ ᠸᠧᠨ ᠪᠦᠯᠬᠦᠮ ᠳᠠᠭᠠᠭᠤᠯᠤᠨ ᠬᠠᠷᠢᠶᠠᠨ ᠳᠠᠬᠢ ᠫᠤᠤᠵᠢᠩ ᠬᠤᠸᠠᠷ ᠫᠤᠤᠵᠢᠩ ᠤᠨ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃    ᠯᠢ ᠭᠤᠸᠠᠩ ᠨᠠᠷ ᠤᠷᠢᠳ ᠬᠤᠵᠢᠳ ᠫᠤᠤᠵᠢᠩ ᠬᠤᠸᠠᠷ ᠫᠤᠤᠵᠢᠩ ᠤᠨ ᠠᠵᠤ ᠠᠬᠤᠶᠢᠯᠠᠯ ᠤᠨ ᠬᠥᠮᠥᠷᠭᠡ ᠶᠢᠨ ᠵᠠᠩᠭᠢᠯᠠᠭ᠎ᠠ ᠶᠢᠨ ᠣᠷᠣᠨ ᠪᠦᠰᠡ ᠪᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢᠨ ᠳᠤᠬᠢᠷᠠᠭᠤᠯᠤᠯᠳᠠ ᠵᠢᠴᠢ ᠠᠵᠢᠯᠯᠠᠭᠠᠨ ᠤ ᠪᠠᠶᠢᠳᠠᠯ᠂ ᠫᠤᠤᠵᠢᠩ ᠬᠤᠸᠠᠷ ᠫᠤᠤᠵᠢᠩ ᠤᠨ ᠬᠠᠳᠠᠭᠠᠯᠠᠯᠲᠠ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠠᠵᠢᠯᠳᠠᠨ ᠤ ᠠᠮᠤᠷ ᠲᠦᠪᠰᠢᠨ ᠤ ᠪᠣᠯᠪᠠᠰᠤᠷᠠᠯ ᠤᠨ ᠲᠡᠮᠳᠡᠭᠯᠡᠯ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃    ᠪᠠᠶᠢᠴᠠᠭᠠᠯᠲᠠ ᠶᠢᠨ ᠶᠠᠪᠤᠴᠠ ᠳᠤ᠂ ᠯᠢ ᠭᠤᠸᠠᠩ᠂ ᠫᠤᠤᠵᠢᠩ ᠬᠤᠸᠠᠷ ᠫᠤᠤᠵᠢᠩ ᠤᠨ ᠠᠵᠢᠯ ᠲᠥᠷᠥᠯ ᠪᠣᠯ ᠠᠶᠤᠯ ᠶᠡᠬᠡᠲᠡᠶ ᠬᠦᠷᠢᠶᠡᠨ ᠳᠤ ᠪᠠᠭᠲᠠᠨ᠎ᠠ᠂ ᠠᠵᠤ ᠠᠬᠤᠶᠢᠯᠠᠯ ᠡᠷᠬᠡᠪᠰᠢ ᠴᠠᠭ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠷᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠠᠮᠤᠷ ᠲᠦᠪᠰᠢᠨ ᠤ ᠤᠯᠠᠭᠠᠨ ᠱᠤᠭᠤᠮ ᠤᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠯᠳᠠ ᠬᠡᠮ ᠢ ᠠᠷᠢᠯᠭᠠᠵᠤ᠂ ᠫᠤᠤᠵᠢᠩ ᠬᠤᠸᠠᠷ ᠫᠤᠤᠵᠢᠩ ᠤᠨ ᠡᠵᠡᠩᠨᠡᠯᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠲᠠᠷᠠᠭᠠᠴᠢ ᠶᠢᠨ ᠠᠯᠬᠤᠮ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠫᠤᠤᠵᠢᠩ ᠬᠤᠸᠠᠷ ᠫᠤᠤᠵᠢᠩ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠪᠲᠠᠨ ᠪᠠᠶᠢᠴᠠᠭᠠᠵᠤ᠂ ᠡᠯ᠎ᠡ ᠲᠥᠷᠥᠯ ᠤᠨ ᠬᠠᠤᠯᠢ ᠪᠤᠰᠤ ᠪᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ᠫᠤᠤᠵᠢᠩ ᠬᠤᠸᠠᠷ ᠫᠤᠤᠵᠢᠩ ᠤᠨ ᠠᠵᠢᠯ ᠲᠥᠷᠥᠯ ᠤᠨ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号