ᠰᠦᠬᠡ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2024/12/18
     12 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠭᠤᠤᠯᠳᠠᠯᠭ᠎ᠠ ᠲᠠᠢ ᠠᠵᠢᠯ ᠢ ᠲᠥᠯᠥᠪᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     ᠰᠦᠬᠡ ᠬᠡᠯᠡᠭᠰᠡᠨ ᠨᠢ᠂ ᠵᠢᠯ ᠤᠨ ᠡᠬᠢᠨ ᠠᠴᠠ ᠨᠠᠭᠠᠰᠢ ᠡᠮᠦᠨᠡᠲᠦ ᠬᠤᠰᠢᠭᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ᠂ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠲᠣᠭᠲᠠᠭᠤᠨ ᠢ ᠪᠠᠲᠤᠯᠠᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠴᠢᠷᠮᠠᠶᠢᠵᠤ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠵᠠᠢ᠃ ᠣᠳᠣᠬᠠᠨ ᠳᠤ ᠨᠢᠭᠡᠨᠲᠡ ᠪᠦᠬᠦ ᠵᠢᠯ ᠤᠨ ᠰᠢᠪᠲᠤᠯᠤᠯᠲᠠ᠂ ᠡᠴᠦᠰ ᠤᠨ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠱᠠᠲᠤᠨ ᠳᠤ ᠣᠷᠣᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠳᠠᠬᠢᠨᠲᠠ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠬᠦᠴᠦ ᠣᠷᠣᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠡᠭᠭᠦ ᠣᠷᠣᠭᠤᠯᠤᠨ ᠠᠪᠴᠢᠷᠠᠬᠤ᠂ ᠵᠢᠭᠤᠯᠴᠢᠯᠠᠯ ᠤᠨ ᠬᠥᠭᠵᠢᠯᠲᠡ ᠵᠡᠷᠭᠡ 3 ︽ᠪᠣᠭᠤᠮᠲᠠ ᠰᠢᠪᠲᠤᠯᠬᠤ ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠠᠵᠢᠯᠯᠠᠭᠠᠨ ᠢ ᠲᠤᠬᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠬᠤ ᠬᠡᠷᠡᠭᠲᠡᠢ᠃ ᠢᠷᠡᠬᠦ ᠵᠢᠯ ᠤᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠲᠠᠯ᠎ᠠ ᠪᠠᠷ ᠳᠠᠬᠢᠨᠲᠠ ᠠᠩᠬᠠᠷᠤᠯ ᠢᠶᠠᠨ ᠲᠥᠪᠯᠡᠷᠡᠭᠦᠯᠵᠦ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠠᠨ ᠬᠦᠷᠢᠶᠡᠨ ᠤ ᠲᠦᠷᠦᠯ ᠵᠦᠢᠯ ᠢ ᠲᠥᠯᠥᠪᠵᠢᠭᠦᠯᠬᠦ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠢ ᠲᠦᠷᠭᠡᠨ ᠭᠦᠢᠴᠡᠳᠭᠡᠵᠦ᠂ ᠢᠷᠡᠬᠦ ᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠣᠳᠠᠲᠠᠶ ᠠᠳᠬᠤᠬᠤ ᠳᠤ ᠳᠠᠬᠢᠨ ᠠᠩᠬᠠᠷᠤᠯ ᠢᠶᠠᠨ ᠲᠥᠪᠯᠡᠷᠡᠭᠦᠯᠵᠦ᠂ ᠳᠠᠬᠢᠨ ᠬᠦᠴᠦ ᠣᠷᠣᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ᠂ ᠭᠠᠵᠠᠷ ᠰᠢᠷᠣᠢ ᠶᠢᠨ ᠭᠦᠢᠴᠡᠳᠭᠡᠯ ᠲᠤᠭ᠎ᠠ ᠶᠢᠨ ᠠᠷᠠᠯᠵᠢᠶ᠎ᠠ᠂ ᠴᠡᠷᠢᠭ ᠲᠤ ᠦᠢᠯᠡᠴᠢᠯᠡᠬᠦ ᠪᠠᠲᠤᠯᠠᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠡᠯ᠎ᠡ ᠲᠦᠷᠦᠯ ᠤᠨ ᠠᠵᠢᠯ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠳᠠᠬᠢᠨᠲᠠ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠵᠡᠷᠭᠡ ᠲᠦᠷᠦ ᠶᠢᠨ ᠪᠤᠳᠤᠯᠭ᠎ᠠ ᠲᠦᠷᠢᠮ ᠢ ᠰᠠᠶᠢᠲᠤᠷ ᠬᠡᠷᠡᠭᠯᠡᠵᠦ ᠭᠦᠢᠴᠡᠳ ᠠᠰᠢᠭᠯᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠪᠡ᠃     ᠴᠢᠨ ᠬᠤᠸᠠ ᠵᠧᠨ᠂ ᠭᠦ᠋ ᠯᠢ ᠮᠢᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃              ︵ᠵᠠᠩ ᠸᠧᠶ ᠨᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号