ᠬᠤᠷᠴᠢᠨ ᠲᠤᠳᠤᠭᠠᠳᠤ ᠶᠢ ᠬᠠᠮᠠᠭᠠᠯᠠᠬᠤ ᠰᠠᠯᠪᠦᠷᠢ ᠪᠤᠯᠤᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠬᠠᠮᠳᠤᠷᠠᠨ ᠠᠮᠦᠷ ᠲᠦᠪᠰᠢᠨ ᠤ ᠪᠠᠶᠢᠴᠠᠭᠠᠯᠳᠠ ᠦᠷᠨᠢᠬᠦᠯᠵᠡᠢ
ᠨᠡᠶᠢᠲᠡᠯᠡᠭᠰᠡᠨ ᠴᠠᠭ᠄
2024/12/18
     ᠨᠡᠶᠢᠬᠡᠮ ᠤᠨ ᠠᠮᠦᠷ ᠲᠤᠬᠳᠠᠭᠤᠨ ᠢ ᠬᠠᠮᠢᠶᠠᠷᠦᠨ ᠡᠵᠡᠮᠳᠡᠬᠦ ᠪᠠᠨ ᠤᠯᠠᠮ ᠨᠢᠬᠡ ᠠᠯᠬᠤᠮ ᠴᠢᠩᠭᠠᠳᠬᠠᠵᠦ᠂ ᠰᠠᠭᠤᠭᠠᠯᠢ ᠠᠷᠠᠳ ᠤᠨ ᠠᠮᠦᠷ ᠲᠦᠪᠰᠢᠨ ᠢᠶᠠᠷ ᠶᠠᠪᠤᠵᠤ ᠰᠠᠭᠤᠬᠤ ᠶᠢ ᠪᠠᠳᠦᠯᠠᠬᠤ ᠶᠢᠨ ᠲᠦᠯᠦᠬᠡ ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠪᠤᠯᠤᠨ ᠬᠤᠷᠴᠢᠨ ᠲᠤᠳᠤᠭᠠᠳᠤ ᠶᠢ ᠬᠠᠮᠠᠭᠠᠯᠠᠬᠤ ᠰᠠᠯᠪᠦᠷᠢ ᠬᠠᠮᠳᠤᠷᠠᠨ ᠬᠠᠷᠢᠶ᠎ᠠ ᠤᠷᠤᠨ ᠢᠶᠠᠷ ᠢᠶᠠᠨ ᠠᠮᠦᠷ ᠲᠦᠪᠰᠢᠨ ᠤ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠡᠢ᠃     ᠠᠷᠠᠳ ᠤᠨ ᠴᠠᠬᠳᠠᠭ᠎ᠠ ᠨᠠᠷ ᠭᠤᠤᠯᠳᠠᠭᠤ ᠮᠠᠰᠢᠨ ᠲᠡᠷᠬᠡᠨ ᠳᠡᠭᠡᠨ ᠢᠷᠳᠤ ᠪᠠᠭᠠᠵᠢ᠂ ᠠᠮᠠᠷᠬᠠᠨ ᠨᠤᠴᠤᠵᠦ ᠲᠡᠯᠪᠡᠷᠡᠬᠦ ᠪᠤᠳᠠᠰ ᠵᠡᠷᠭᠡ ᠶᠢ ᠠᠪᠴᠦ ᠶᠠᠪᠤᠵᠦ ᠪᠠᠶᠢᠬᠤ᠂ ᠮᠠᠰᠢᠨ ᠲᠡᠷᠬᠡᠨ ᠳᠤ ᠠᠮᠤᠷ ᠳᠦᠪᠰᠢᠨ ᠤ ᠬᠡᠮ ᠰᠤᠭᠤᠭ ᠤᠷᠤᠰᠢᠵᠦ ᠪᠠᠶᠢᠬᠤ ᠡᠰᠡᠬᠦ ᠶᠢ ᠪᠠᠶᠢᠴᠠᠭᠠᠵᠤ᠂ ᠮᠠᠰᠢᠨ ᠳᠡᠷᠭᠡᠨ ᠤ ᠠᠮᠤᠷ ᠲᠦᠪᠰᠢᠨ ᠢ ᠪᠠᠳᠦᠯᠠᠵᠠᠢ᠃     ᠳᠤᠰ ᠤᠳᠠᠭᠠᠨ ᠤ ᠪᠠᠶᠢᠴᠠᠭᠠᠯᠳᠠ ᠳᠤ᠂ ᠠᠷᠠᠳ ᠤᠨ ᠴᠠᠬᠳᠠᠭ᠎ᠠ ᠨᠠᠷ ᠨᠡᠶᠢᠳᠡ 200 ᠮᠠᠰᠢᠨ ᠲᠡᠷᠬᠡ ᠶᠢ ᠪᠠᠶᠢᠴᠠᠭᠠᠵᠦ᠂ ᠴᠠᠭᠠᠵᠠᠯᠠᠵᠤ ᠪᠠᠶᠢᠭ᠎ᠠ ᠪᠤᠳᠠᠰ ᠵᠢᠴᠢ ᠠᠮᠦᠷ ᠲᠦᠪᠰᠢᠨ ᠤ ᠬᠡᠮ ᠰᠤᠭᠤᠭ ᠪᠠᠶᠢᠬᠤ ᠶᠢ ᠢᠯᠡᠷᠡᠭᠦᠯᠦᠭᠰᠡᠨ ᠦᠭᠡᠢ᠃ ᠪᠠᠶᠢᠴᠠᠭᠠᠯᠳᠠ ᠪᠠᠷ ᠳᠠᠮᠵᠢᠨ ᠡᠯ᠎ᠠ ᠳᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠰᠦᠷᠳᠡᠬᠦᠯᠦᠯ ᠦᠵᠡᠬᠦᠯᠵᠦ᠂ ᠬᠠᠷᠢᠶ᠎ᠠ ᠤᠷᠤᠨ ᠤ ᠨᠡᠶᠢᠬᠡᠮ ᠤᠨ ᠠᠮᠦᠷ ᠲᠤᠬᠳᠠᠭᠤᠨ ᠢ ᠤᠯᠠᠮ ᠨᠢᠬᠡ ᠠᠯᠬᠤᠮ ᠪᠠᠳᠦᠯᠠᠨ᠂ ᠰᠠᠭᠤᠭᠠᠯᠢ ᠠᠷᠠᠳ ᠤᠨ ᠠᠮᠦᠷ ᠲᠦᠪᠰᠢᠨ ᠤ ᠲᠦᠷᠦᠭᠳᠡᠯ ᠢ ᠲᠡᠭᠡᠭᠰᠢᠯᠡᠬᠦᠯᠵᠡᠢ᠃     ᠲᠠᠷᠠᠭᠠᠴᠢ ᠪᠠᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠮᠦᠷ ᠲᠦᠪᠰᠢᠨ ᠤ ᠪᠠᠶᠢᠴᠠᠭᠠᠯᠳᠠ ᠶᠢᠨ ᠠᠵᠢᠯᠯᠠᠭ᠎ᠠ ᠶᠢ ᠪᠠᠶᠢᠡᠭᠭᠤ ᠶᠢᠨ ᠴᠢᠨᠠᠷᠳᠠᠢ ᠦᠷᠨᠢᠬᠦᠯᠵᠦ᠂ ᠨᠡᠶᠢᠬᠡᠮ ᠤᠨ ᠠᠮᠦᠷ ᠲᠤᠬᠳᠠᠭᠤᠨ ᠢ ᠬᠠᠮᠢᠶᠠᠷᠦᠨ ᠡᠵᠡᠮᠳᠡᠬᠦ ᠬᠦᠴᠦᠯᠡᠴᠡ ᠪᠠᠨ ᠲᠠᠰᠦᠷᠠᠯᠳᠠ ᠦᠬᠡᠢ ᠨᠡᠮᠡᠭᠳᠡᠬᠦᠯᠦᠨ᠂ ᠤᠯᠠᠨ ᠲᠦᠮᠡᠨ ᠳᠤ ᠠᠮᠦᠷ ᠲᠦᠪᠰᠢᠨ᠂ ᠡᠶ᠎ᠡ ᠵᠤᠬᠢᠴᠠᠩᠭᠤᠢ ᠨᠡᠶᠢᠬᠡᠮ ᠤᠨ ᠤᠷᠴᠢᠨ ᠢ ᠪᠦᠷᠢᠯᠳᠦᠬᠦᠯᠵᠦ ᠦᠭᠬᠦ ᠪᠤᠯᠤᠨ᠎ᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号