| ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠭᠳᠠᠭᠠᠨ ᠤ ᠬᠦᠴᠦᠨ ᠢᠶᠠᠨ ᠵᠣᠬᠢᠶᠠᠨ | ᠪᠠᠶᠢᠭᠤᠯᠤᠨ᠂ ᠬᠢᠨᠭ᠍ᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ ᠤᠨ | ᠬᠡᠰᠡᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠳᠤ ᠵᠠᠰᠠᠯᠳᠠ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠤᠯᠠᠮ ᠨᠢᠭᠡ ᠠᠯᠬᠤᠮ | ᠪᠠᠲᠤᠳᠬᠠᠪᠠ᠃ | ᠶᠡᠭᠡ ᠠᠩᠬᠢ ᠡᠳᠦᠷ ᠪᠦᠷᠢ ᠶᠢᠨ ᠬᠢᠴᠢᠶᠡᠯ ᠡᠬᠢᠯᠡᠬᠦ ᠪᠠ ᠰᠤᠷᠭᠠᠭᠤᠯᠢ ᠲᠠᠷᠬᠠᠬᠤ ᠣᠷᠭᠢᠯ ᠦᠶ᠎ᠡ ᠶᠢᠨ ᠲᠡᠷᠭᠡᠨ | ᠤᠷᠤᠰᠬᠠᠯ ᠤᠨ ᠪᠠᠶᠢᠳᠡᠯ ᠢ ᠦᠨᠳᠦᠰᠦᠯᠡᠨ᠂ ᠠᠵᠢᠯ ᠤᠨ ᠲᠥᠰᠦᠯ ᠢ ᠤᠷᠢᠳᠴᠢᠯᠠᠨ ᠲᠣᠭᠲᠠᠭᠠᠨ᠂ ᠬᠥᠮᠦᠨ | ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠯᠪᠡᠷᠢ ᠪᠠᠷ | ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ | ᠬᠠᠷᠢᠯᠴᠠᠭᠠᠨ ᠤ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ | ᠨᠠᠭᠠᠰᠢ ᠴᠠᠭᠠᠰᠢ ᠥᠩᠭᠡᠷᠡᠬᠦ ᠲᠡᠷᠭᠡ ᠬᠥᠰᠭᠡ ᠪᠠ ᠰᠤᠷᠤᠭᠴᠢᠳ ᠢ ᠲᠤᠰᠴᠤ ᠬᠦᠷᠭᠡᠬᠦ ᠲᠡᠷᠭᠡ ᠬᠥᠰᠭᠡ ᠳᠤ ᠠᠮᠤᠷ | ᠲᠦᠪᠰᠢᠨ ᠤ ᠪᠠᠶᠢᠴᠠᠭᠠᠯᠲᠠ ᠬᠢᠪᠡ᠃ ᠰᠤᠷᠭᠠᠭᠤᠯᠢ ᠶᠢᠨ ᠬᠦᠷᠢᠶᠠᠨ ᠤ ᠡᠷᠭᠢᠨ ᠲᠣᠭᠤᠷᠢᠨ ᠳᠤ ᠳᠤᠷ᠎ᠠ ᠪᠠᠷ ᠢᠶᠠᠨ | ᠲᠡᠷᠭᠡ ᠬᠥᠰᠭᠡ ᠵᠣᠭᠰᠣᠭᠠᠬᠤ ᠬᠠᠮᠢᠶᠠᠷᠤᠯᠲᠠ ᠶᠢ ᠴᠢᠩᠭᠠᠳᠬᠠᠨ᠂ ᠰᠤᠷᠭᠠᠨ ᠬᠥᠮᠦᠵᠢᠭᠦᠯᠬᠦ ᠪᠠ ᠰᠢᠳᠭᠡᠨ | ᠲᠣᠷᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠡᠷᠭᠡ ᠬᠥᠰᠭᠡ ᠶᠢ ᠬᠥᠲᠥᠯᠥᠨ | ᠵᠢᠯᠣᠭᠤᠳᠴᠤ ᠪᠠᠶᠢᠭᠠᠳ ᠲᠣᠭᠲᠠᠭᠠᠯ ᠶᠣᠰᠣᠭᠠᠷ ᠵᠢᠷᠤᠮᠵᠢᠭᠤᠯᠪᠠ᠃ ᠪᠠᠰᠠ ᠠᠮᠤᠷ ᠢ ᠬᠠᠮᠠᠭᠠᠯᠠᠬᠤ᠂ ᠬᠤᠲᠠ ᠶᠢᠨ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠤᠯᠪᠣᠭᠠᠯᠠᠨ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ ᠵᠠᠮ ᠬᠠᠷᠢᠯᠴᠠᠭᠠᠨ ᠤ ᠡᠮᠬᠢ ᠵᠢᠷᠤᠮ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠵᠦ᠂ ᠰᠤᠷᠭᠠᠭᠤᠯᠢ ᠶᠢᠨ ᠡᠭᠦᠳᠡᠨ ᠡᠮᠦᠨᠡᠬᠢ ᠵᠠᠮ ᠡᠵᠡᠯᠡᠨ ᠳᠡᠯᠭᠡᠭᠦᠷ ᠭᠠᠷᠭᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠭᠠᠭᠤᠯᠢ ᠶᠢᠨ ᠡᠷᠭᠢᠨ | ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠪᠡ᠃ | |