| 12 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠨᠡᠶᠢᠭᠡᠮᠯᠢᠭ | ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠳᠤ ᠬᠤᠷᠠᠯᠳᠤᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠱᠣᠤ | ᠯᠢᠦ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ᠂ ᠬᠢᠩᠭᠠᠨ ᠠᠶᠢᠮᠠᠭ ᠤᠨ ᠠᠵᠢᠯ ᠤᠨ | ᠴᠢᠯᠥᠭᠡᠨ ᠤ ᠷᠠᠳᠢᠣ᠋ ᠶᠢᠨ ᠨᠡᠶᠢᠭᠡᠮᠯᠢᠭ ᠤᠨ ᠭᠡᠰᠢᠭᠳ ᠵᠢᠴᠢ ᠷᠠᠳᠢᠣ᠋ ᠳᠤ ᠪᠠᠭ᠋ᠠᠲᠠᠶ ᠬᠥᠮᠦᠰ ᠬᠤᠷᠠᠯ ᠳᠤ ᠣᠷᠣᠯᠴᠠᠵᠠᠶ᠃ | ᠬᠤᠷᠠᠯ ᠠᠴᠠ ︽ᠬᠢᠩᠭᠠᠨ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠨᠡᠶᠢᠭᠡᠮᠯᠢᠭ ᠤᠨ ᠳᠦᠷᠢᠮ︾᠂ ︽ | ᠬᠢᠩᠭᠠᠨ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠨᠡᠶᠢᠭᠡᠮᠯᠢᠭ ᠤᠨ ᠰᠦᠢᠳᠬᠡᠯ ᠢ ᠲᠤᠰᠢᠶᠠᠬᠤ ᠪᠠ | ᠬᠠᠮᠢᠶᠠᠷᠬᠤ ᠠᠷᠭ᠎ᠠ︾ ᠵᠡᠷᠭᠡ ᠬᠠᠮᠢᠶ᠎ᠠ ᠪᠦᠬᠦᠢ ᠲᠥᠰᠦᠯ ᠢ ᠪᠠᠲᠤᠯᠠᠵᠤ᠂ ᠠᠩᠬᠠᠳᠤᠭᠠᠷ ᠬᠤᠭᠤᠴᠠᠭᠠᠨ ᠤ | ᠨᠡᠶᠢᠭᠡᠮᠯᠢᠭ ᠤᠨ ᠳᠠᠷᠤᠭ᠎ᠠ ᠵᠢᠴᠢ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠬᠦᠨ ᠢ ᠰᠣᠩᠭᠤᠨ ᠭᠠᠷᠭᠠᠪᠠ᠃ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠮᠲᠤ ᠪᠠᠷ ᠨᠡᠶᠢᠭᠡᠮᠯᠢᠭ ᠤᠨ ᠪᠠᠶᠢᠭᠤᠯᠤᠭᠳᠠᠭᠰᠠᠨ ᠫᠠᠶᠢᠰᠠ ᠶᠢ | ᠰᠡᠬᠦᠪᠡ᠃ | ᠬᠤᠷᠠᠯ ᠳᠡᠭᠡᠷ᠎ᠡ᠂ ᠱᠤᠤ ᠯᠢᠦ ᠨᠡᠶᠢᠭᠡᠮᠯᠢᠭ ᠤᠨ ᠪᠠᠶᠢᠭᠤᠯᠤᠭᠳᠠᠭᠰᠠᠨ ᠳᠤ ᠪᠠᠶᠠᠷ ᠬᠦᠷᠭᠡᠪᠡ᠃ ᠲᠡᠷᠡ᠂ | ᠨᠡᠶᠢᠭᠡᠮᠯᠢᠭ ᠤᠨ ᠪᠦᠬᠦ ᠭᠡᠰᠢᠭᠦᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠷᠢᠯᠴᠠᠨ ᠨᠡᠪᠲᠡᠷᠡᠯᠴᠡᠬᠦ ᠪᠠᠨ | ᠴᠢᠩᠭᠠᠳᠬᠠᠨ᠂ ᠪᠦᠬᠦ ᠲᠠᠯ᠎ᠠ ᠶᠢᠨ ᠬᠠᠷᠠᠭ᠎ᠠ ᠪᠠᠨ ᠥᠷᠭᠡᠳᠬᠡᠵᠦ᠂ ᠨᠡᠶᠢᠭᠡᠮᠯᠢᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ᠂ ᠴᠢᠮᠡᠭᠡ ᠬᠤᠯᠪᠣᠭᠠᠨ ᠤ ᠪᠠᠲᠤᠯᠠᠭ᠎ᠠ ᠳᠤ ᠬᠠᠮᠵᠢᠯᠴᠠᠬᠤ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠬᠦᠴᠤᠨ ᠨᠡᠮᠡᠷᠢᠯᠡᠬᠦ ᠵᠡᠷᠭᠡ ᠲᠠᠯ᠎ᠠ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠢᠳᠡᠪᠬᠢᠲᠡᠢ ᠦᠢᠯᠡᠴᠢᠯᠡᠨ᠂ ᠨᠡᠶᠢᠭᠡᠮ ᠳᠤ ᠢᠳᠡᠪᠬᠢᠲᠡᠢ | ᠦᠢᠯᠡᠴᠢᠯᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠵᠤ᠂ ᠲᠣᠰ ᠭᠠᠵᠠᠷ ᠤᠨ ᠠᠵᠢᠯ ᠤᠨ ᠴᠢᠯᠥᠭᠡᠨ ᠤ ᠷᠠᠳᠢᠣ᠋ ᠶᠢᠨ ᠳᠤᠷ᠎ᠠ ᠪᠠᠭ᠋ᠠᠲᠠᠶ ᠬᠥᠮᠦᠰ ᠤᠨ | ᠠᠵᠢᠯ ᠲᠥᠷᠥᠯ ᠤᠨ ᠰᠣᠯᠢᠯᠴᠠᠭ᠎ᠠ ᠳᠤ ᠣᠷᠣᠯᠴᠠᠬᠤ ᠳᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ | ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ ᠦᠭᠭᠦᠨ᠎ᠡ ᠭᠡᠵᠡᠢ᠃ | ᠣᠶᠢᠯᠠᠭᠠᠭᠰᠠᠨ ᠢᠶᠠᠷ᠂ 2014 ᠣᠨ ᠤ 7 ᠰᠠᠷ᠎ᠠ ᠳᠤ᠂ ᠤᠯᠠᠭᠠᠨᠬᠤᠲᠠ ᠣᠷᠣᠨ ᠳᠤ ᠠᠵᠢᠯ ᠤᠨ ᠴᠢᠯᠥᠭᠡᠨ ᠤ | ᠷᠠᠳᠢᠣ᠋ ᠶᠢᠨ ᠵᠠᠯᠭᠠᠯ ᠥᠷᠲᠡᠭᠡ ᠶᠢ ᠪᠠᠶᠢᠭᠤᠯᠵᠤ᠂ ᠪᠥᠬᠦ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ | ᠦᠢᠯᠡᠰ ᠤᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ ᠠᠷᠪᠠᠨ ᠵᠢᠯ ᠤᠨ ᠬᠤᠭᠤᠴᠠᠭᠠᠨ ᠳᠤ᠂ ᠠᠵᠢᠯ ᠤᠨ | ᠴᠢᠯᠥᠭᠡᠨ ᠤ ᠷᠠᠳᠢᠣ᠋ ᠳᠤ ᠪᠠᠭ᠋ᠠᠲᠠᠶ ᠬᠥᠮᠦᠰ ᠪᠥᠬᠦ ᠤᠯᠤᠰ ᠤᠨ ᠳᠠᠭᠤᠷᠢᠶᠠᠮᠠᠯ ᠰᠦᠯᠵᠢᠶᠡᠨ ᠤ ᠲᠥᠬᠦᠭᠡᠷᠦᠮᠵᠢ ᠶᠢ | ᠤᠭᠰᠠᠷᠠᠵᠤ᠂ ᠲᠣᠰ ᠭᠠᠵᠠᠷ ᠤᠨ ᠵᠠᠯᠭᠠᠯ ᠥᠷᠲᠡᠭᠡ ᠶᠢ ᠪᠥᠬᠦ ᠤᠯᠤᠰ ᠲᠠᠢ ᠬᠤᠯᠪᠣᠭᠠᠯᠠᠭᠤᠯᠬᠤ ᠶᠢ ᠠᠯᠬᠤᠮ | ᠠᠯᠬᠤᠮ ᠢᠶᠠᠷ ᠪᠡᠶᠡᠯᠡᠭᠦᠯᠪᠡ᠃ ᠣᠳᠣᠬᠠᠨ ᠳᠤ᠂ ᠨᠡᠶᠢᠭᠡᠮᠯᠢᠭ ᠤᠨ ᠳᠠᠩᠰᠠᠯᠠᠭᠤᠯᠤᠨ ᠪᠦᠷᠢᠳᠬᠡᠭᠦᠯᠦᠭᠰᠡᠨ ᠭᠡᠰᠢᠭᠦᠨ | 54 ᠬᠥᠮᠦᠨ ᠪᠠᠶᠢᠵᠤ᠂ ᠤᠷᠳᠤ ᠬᠤᠭᠤᠴᠠᠭᠠᠨ ᠤ ᠠᠵᠢᠯ ᠤᠨ ᠴᠢᠯᠥᠭᠡᠨ ᠤ ᠷᠠᠳᠢᠣ᠋ ᠶᠢᠨ ᠦᠢᠯᠡᠳᠦᠯᠭᠡ ᠶᠢᠨ | ᠠᠵᠢᠯᠯᠠᠭ᠎ᠠ ᠳᠤᠮᠳᠠ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠤᠷᠤᠯᠳᠤᠭᠠᠨ ᠳᠤ | ᠣᠷᠣᠯᠴᠠᠬᠤ᠂ ᠬᠤᠰᠢᠭᠤᠷᠠᠯ ᠮᠡᠷᠭᠡᠵᠢᠯ ᠢ ᠰᠤᠳᠤᠯᠬᠤ ᠠᠵᠢᠯ ᠤᠨ ᠴᠢᠯᠥᠭᠡᠨ ᠤ ᠷᠠᠳᠢᠣ᠋ ᠳᠤ ᠪᠠᠭ᠋ᠠᠲᠠᠢ ᠬᠥᠮᠦᠰ ᠢ | ᠤᠯᠠᠨ ᠬᠥᠮᠦᠵᠢᠭᠦᠯᠵᠡᠢ᠃ ᠬᠢᠩᠭᠠᠨ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠨᠡᠶᠢᠭᠡᠮᠯᠢᠭ | ᠪᠠᠶᠢᠭᠤᠯᠤᠭᠳᠠᠭᠰᠠᠨ ᠨᠢ ᠪᠦᠬᠦ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠬᠦᠷᠢᠶᠡᠨ ᠳᠤ ᠥᠪᠡᠷ ᠤᠨ ᠠᠵᠢᠯ | ᠲᠦᠷᠦᠯ ᠤᠨ ᠵᠣᠬᠢᠶᠠᠨ ᠪᠠᠶᠢᠭᠤᠯᠤᠯᠲᠠ ᠲᠠᠢ ᠪᠣᠯᠤᠭᠰᠠᠨ ᠢ ᠬᠠᠷᠠᠭᠤᠯᠵᠤ᠂ ᠠᠵᠢᠯ ᠤᠨ ᠴᠢᠯᠥᠭᠡᠨ ᠤ ᠷᠠᠳᠢᠣ᠋ ᠶᠢ | ᠳᠦᠷᠢᠮᠵᠢᠭᠦᠯᠦᠨ ᠬᠥᠭᠵᠢᠭᠦᠯᠬᠦ ᠳᠤ ᠴᠢᠬᠤᠯᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ | ᠬᠢᠩᠭᠠᠨ ᠠᠶᠢᠮᠠᠭ ᠤᠨ ᠠᠵᠢᠯ ᠤᠨ ᠴᠢᠯᠥᠭᠡᠨ ᠤ ᠷᠠᠳᠢᠣ᠋ ᠶᠢᠨ ᠨᠡᠶᠢᠭᠡᠮᠯᠢᠭ ᠤᠨ ᠳᠠᠷᠤᠭ᠎ᠠ ᠭᠤᠤ ᠵᠧᠨ ᠬᠠᠶ | ᠰᠤᠷᠪᠤᠯᠵᠢᠯᠠᠭᠴᠢ ᠳᠤ᠂ ᠨᠡᠶᠢᠭᠡᠮᠯᠢᠭ ᠠᠴᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ | ᠷᠠᠳᠢᠣ᠋ ᠶᠢᠨ ᠮᠡᠳᠡᠯᠭᠡ ᠶᠢ ᠳᠡᠯᠭᠡᠷᠡᠭᠦᠯᠦᠨ᠂ ᠷᠠᠳᠢᠣ᠋ ᠶᠢᠨ ᠮᠡᠷᠭᠡᠵᠢᠯ ᠤᠨ ᠪᠣᠯᠪᠠᠰᠤᠷᠠᠯ ᠪᠤᠶᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠢᠯ ᠤᠨ ᠴᠢᠯᠥᠭᠡᠨ ᠤ ᠷᠠᠳᠢᠣ᠋ ᠳᠤ ᠳᠤᠷ᠎ᠠ ᠪᠠᠭ᠋ᠠᠲᠠᠶ | ᠬᠥᠮᠦᠰ ᠢ ᠬᠥᠮᠦᠵᠢᠭᠦᠯᠦᠨ᠎ᠡ᠃ ᠡᠭᠦᠨ ᠤ ᠬᠠᠮᠲᠤ ᠪᠠᠶᠢᠭᠠᠯᠢ ᠶᠢᠨ ᠭᠠᠮᠰᠢᠭ ᠡᠭᠦᠰᠬᠦ ᠦᠶ᠎ᠡ ᠳᠤ ᠷᠠᠳᠢᠣ᠋ ᠪᠠᠷ ᠮᠡᠳᠡᠭᠡ | ᠵᠠᠩᠭᠢ ᠳᠠᠮᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠵᠦ᠂ | ᠨᠡᠶᠢᠭᠡᠮ ᠤᠨ ᠨᠥᠯᠥᠭᠡᠯᠡᠬᠦ ᠬᠦᠴᠦᠨ ᠲᠠᠢ᠂ ᠠᠵᠢᠯ ᠲᠦᠷᠦᠯ ᠤᠨ ᠨᠢᠭᠲᠠᠷᠠᠯ ᠤᠨ ᠬᠦᠴᠦᠨ ᠲᠠᠢ᠂ ᠵᠠᠰᠠᠭ ᠤᠨ | ᠣᠷᠳᠣᠨ ᠪᠣᠯᠤᠨ ᠭᠡᠰᠢᠭᠦᠳ ᠤᠨ ᠰᠠᠨᠠᠭᠠᠨ ᠳᠤ ᠨᠡᠶᠢᠴᠡᠭᠰᠡᠨ ᠰᠢᠨ᠎ᠡ ᠮᠠᠶ᠋ᠢᠭ ᠤᠨ ᠨᠡᠶᠢᠭᠡᠮᠯᠢᠭ ᠢ ᠴᠢᠷᠮᠠᠶᠢᠨ | ᠪᠠᠶᠢᠭᠤᠯᠤᠨ᠎ᠠ ᠭᠡᠵᠡᠢ᠃ |