| ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ | 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠵᠢᠷᠦᠬᠡᠨ ᠪᠠᠯᠭᠠᠰᠤ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ | ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠳᠤ ᠪᠠᠶᠢᠭ᠎ᠠ ᠪᠦᠬᠦ ᠺᠠᠳ᠋ᠷ᠂ | ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠨᠠᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠺᠢᠨᠣ᠋ | ᠦᠵᠡᠭᠦᠯᠪᠡ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠱᠢ ᠬᠤᠸᠠ ᠮᠠᠨ ᠤ | ᠪᠠᠯᠭᠠᠰᠤᠨ ᠤ ᠡᠨᠡ ᠵᠢᠯ ᠤᠨ ᠡᠬᠢᠨ ᠠᠴᠠ ᠨᠠᠰᠢᠬᠢ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢ | ᠵᠠᠷᠯᠠᠨ ᠮᠡᠳᠡᠭᠳᠡᠵᠦ ᠵᠠᠳᠠᠯᠤᠨ ᠰᠢᠨᠵᠢᠯᠡᠪᠡ᠃ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠤᠯᠤᠰ | ᠲᠦᠷᠦ ᠶᠢᠨ ᠬᠤᠷᠢᠭ᠎ᠠ ᠱᠤᠭᠤᠮ ᠢᠶᠠᠨ ᠠᠯᠳᠠᠭᠰᠠᠨ ᠠᠰᠠᠭᠤᠳᠠᠯ᠂ ᠬᠦᠰᠡᠯᠡᠩ ᠢᠲᠡᠭᠡᠯ ᠵᠣᠷᠢᠭ ᠢᠶᠠᠨ ᠠᠯᠳᠠᠭᠰᠠᠨ | ᠠᠰᠠᠭᠤᠳᠠᠯ᠂ ᠵᠣᠷᠢᠯᠲᠠ ᠶᠢᠨ ᠤᠬᠠᠮᠰᠠᠷ ᠢᠶᠠᠨ ᠠᠯᠳᠠᠭᠰᠠᠨ ᠠᠰᠠᠭᠤᠳᠠᠯ᠂ ᠡᠷᠬᠡ ᠶᠢ ᠣᠨᠳᠣᠣᠰᠢᠭᠤᠯᠵᠤ | ᠳᠤᠷ᠎ᠠ ᠪᠠᠷ ᠢᠶᠠᠨ ᠬᠡᠷᠡᠭᠯᠡᠭᠰᠡᠨ ᠠᠰᠠᠭᠤᠳᠠᠯ᠂ ᠰᠤᠷᠲᠠᠯ ᠰᠠᠬᠢᠯᠭ᠎ᠠ ᠪᠠᠲᠤ ᠴᠢᠩᠭ᠎ᠠ ᠪᠤᠰᠤ ᠠᠰᠠᠭᠤᠳᠠᠯ ᠢᠶᠠᠷ ᠲᠤᠯᠢ | ᠪᠣᠯᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠬᠤᠷᠢᠭ᠎ᠠ ᠱᠤᠭᠤᠮ ᠢ | ᠰᠠᠬᠢᠵᠤ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ | ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠭᠦᠸᠧ ᠯᠢᠨ ᠠᠵᠢᠯ ᠤᠨ ᠪᠠᠶᠢᠷᠢᠯᠠᠭᠤᠯᠤᠯᠲᠠ ᠶᠢᠨ ᠶᠠᠷᠢᠶ᠎ᠠ | ᠲᠠᠯᠪᠢᠪᠠ᠃ ᠲᠡᠷᠡ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ | ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠵᠤ᠂ ᠠᠵᠢᠯᠯᠠᠭ᠎ᠠ ᠳᠡᠭᠡᠷ᠎ᠡ ᠪᠠᠨ ᠪᠢᠰᠢᠷᠡᠨ | ᠵᠢᠷᠦᠬᠡᠰᠢᠶᠡᠬᠦ ᠶᠢ ᠮᠡᠳᠡᠵᠦ᠂ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠪᠠᠯᠭᠠᠰᠤᠨ ᠤ ᠨᠠᠮ | ᠵᠠᠰᠠᠭ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠬᠤᠶᠠᠷ ᠵᠥᠪᠯᠡᠯ︾ ᠤᠨ ᠪᠦᠷᠢᠯᠳᠦᠬᠦᠨ ᠢ ᠬᠦᠳᠦᠯᠦᠨ | ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠠᠮᠤᠭ ᠤᠨ ᠰᠡᠭᠦᠯ ᠳᠤ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠨᠠᠮ ᠤᠨ ᠰᠠᠬᠢᠯᠭ᠎ᠠ ᠪᠠᠲᠤ | ᠬᠠᠤᠯᠢ ᠲᠣᠭᠲᠠᠭᠠᠯ ᠤᠨ ᠮᠡᠳᠡᠯᠭᠡ ᠶᠢ ᠬᠠᠮᠲᠤ ᠪᠠᠷ ᠰᠤᠷᠤᠯᠴᠠᠭᠤᠯᠬᠤ ᠶᠢᠨ ᠬᠠᠮᠲᠤ ︽ᠰᠢᠯᠭᠠᠯᠲᠠ ᠪᠠᠷ | ᠰᠤᠷᠤᠯᠴᠠᠯᠭ᠎ᠠ ᠶᠢ ᠠᠬᠢᠭᠤᠯᠬᠤ︾ ᠰᠢᠯᠭᠠᠯᠲᠠ ᠶᠢ ᠥᠷᠨᠢᠭᠦᠯᠪᠡ᠃ | ᠲᠣᠰ ᠤᠳᠠᠭᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠨᠢ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠮᠠᠨ ᠤ ᠪᠠᠯᠭᠠᠰᠤᠨ ᠤ ᠤᠯᠤᠰ ᠲᠥᠷᠥ ᠶᠢᠨ ᠠᠮᠢ ᠠᠬᠤᠶ ᠶᠢ | ᠦᠷᠭᠦᠯᠵᠢᠯᠡᠨ ᠴᠡᠪᠡᠷᠰᠢᠭᠦᠯᠵᠦ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠢ ᠤᠯᠠᠮ ᠨᠢᠭᠡ ᠠᠯᠬᠤᠮ | ᠢᠲᠡᠭᠡᠯ ᠵᠣᠷᠢᠭ ᠢ ᠨᠢ ᠪᠠᠲᠤᠳᠬᠠᠨ᠂ ᠴᠤᠭ ᠰᠦᠯᠳᠡ ᠶᠢ ᠨᠢ ᠬᠥᠭᠵᠢᠭᠡᠭᠰᠡᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠵᠢᠷᠦᠬᠡᠨ ᠪᠠᠯᠭᠠᠰᠤᠨ ᠤ ᠬᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠪᠣᠳᠠᠲᠠᠢ | ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠨ᠎ᠠ᠃ |