ᠠᠶᠢᠮᠠᠭ ᠬᠤᠲᠠ ᠶᠢᠨ ᠳᠡᠰ ᠤᠨ ᠫᠤᠤᠵᠢᠩ ᠬᠤᠸᠠᠷ ᠫᠤᠤᠵᠢᠩ ᠢ ᠬᠠᠷᠢᠯᠴᠠᠨ ᠪᠠᠶᠢᠴᠠᠭᠠᠬᠤ ᠲᠤᠰᠬᠠᠶ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠡᠢ
ᠨᠡᠶᠢᠲᠡᠯᠡᠭᠰᠡᠨ ᠴᠠᠭ᠄
2024/12/19
    ᠫᠤᠤᠵᠢᠩ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 16 ᠤ ᠡᠳᠦᠷ᠂ ᠠᠶᠢᠮᠠᠭ ᠬᠤᠲᠠ ᠶᠢᠨ ᠳᠡᠰ ᠤᠨ ᠫᠤᠤᠵᠢᠩ ᠬᠤᠸᠠᠷ ᠫᠤᠤᠵᠢᠩ ᠢ ᠬᠠᠷᠢᠯᠴᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠦ᠂ ᠲᠦᠩᠯᠢᠶᠣᠤ ᠬᠤᠲᠠ ᠶᠢᠨ ᠪᠠᠶᠢᠴᠠᠭᠠᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠤᠤᠵᠢᠩ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠬᠤᠶᠠᠷ ᠠᠵᠤ ᠠᠬᠤᠶᠢᠯᠠᠯ ᠢᠶᠠᠷ ᠭᠦᠨᠵᠡᠭᠡᠶᠢᠷᠡᠨ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃    ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠤ ᠬᠠᠷᠢᠶᠠᠨ ᠳᠠᠬᠢ ᠫᠤᠤᠵᠢᠩ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠬᠥᠮᠥᠷᠭᠡ ᠪᠠᠷ ᠭᠦᠨᠵᠡᠭᠡᠶᠢᠷᠡᠵᠦ᠂ ᠠᠶᠤᠯᠭᠦᠶ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠦᠢᠯᠡᠳᠭᠦᠨ ᠤ ᠪᠤᠷᠤᠯᠠᠭᠤᠯᠤᠭᠰᠠᠨ ᠬᠠᠨᠳᠤᠰᠢ᠂ ᠬᠠᠳᠠᠭᠠᠯᠠᠬᠤ ᠪᠠ ᠪᠣᠷᠣᠯᠠᠭᠤᠯᠬᠤ ᠵᠠᠩᠭᠢᠯᠠᠭ᠎ᠠ ᠶᠢᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠠᠢ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠷᠢᠮᠵᠢᠶ᠎ᠠ ᠶᠢ ᠴᠢᠩᠭ᠎ᠠ ᠬᠠᠷᠢᠴᠠᠭᠤᠯᠤᠨ᠂ ᠬᠠᠮᠢᠶ᠎ᠠ ᠪᠥᠬᠦᠶ ᠮᠠᠲ᠋ᠧᠷᠢᠶᠠᠯ ᠢ ᠨᠠᠷᠢᠨ ᠪᠠᠶᠢᠴᠠᠭᠠᠨ᠂ ᠲᠤᠬᠠᠶ ᠶᠢᠨ ᠲᠠᠯᠠᠪᠤᠷ ᠤᠨ ᠪᠠᠶᠢᠳᠠᠯ ᠢ ᠪᠠᠶᠢᠴᠠᠭᠠᠨ ᠦᠵᠡᠵᠦ᠂ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠬᠤ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠪᠠᠷ ᠱᠠᠭᠠᠷᠳᠠᠪᠠ᠃    ᠲᠣᠰ ᠤᠳᠠᠭᠠᠨ ᠤ ᠠᠶᠢᠮᠠᠭ ᠬᠤᠲᠠ ᠶᠢᠨ ᠳᠡᠰ ᠤᠨ ᠬᠠᠷᠢᠯᠴᠠᠨ ᠪᠠᠶᠢᠴᠠᠭᠠᠬᠤ ᠪᠠᠷ ᠳᠡᠮᠵᠢᠨ᠂ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠪᠠ ᠲᠤᠷᠰᠢᠯᠭ᠎ᠠ ᠶᠢ ᠬᠠᠮᠲᠤ ᠪᠠᠷ ᠡᠳ᠋ᠯᠡᠬᠦ ᠶᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠫᠤᠤᠵᠢᠩ ᠬᠤᠸᠠᠷ ᠫᠤᠤᠵᠢᠩ ᠤᠨ ᠠᠵᠢᠯ ᠲᠥᠷᠥᠯ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠨᠠᠩ ᠬᠦᠴᠦᠲᠡᠶ ᠳᠥᠯᠭᠢᠨ ᠠᠬᠢᠭᠤᠯᠵᠤ᠂ ᠥᠷᠭᠡᠨ ᠣᠯᠠᠨ ᠲᠦᠮᠡᠨ ᠤ ᠠᠮᠤᠷ ᠲᠦᠪᠰᠢᠨ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠳᠠᠭᠠᠵᠤ᠂ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠠᠷᠢᠯᠭᠠᠬᠤ ᠶᠢ ᠦᠨᠡᠨ ᠬᠦ ᠪᠠᠲᠤᠯᠠᠵᠤ᠂ ᠫᠤᠤᠵᠢᠩ ᠬᠤᠸᠠᠷ ᠫᠤᠤᠵᠢᠩ ᠤᠨ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号