| ︽ᠲᠤᠰ ᠤᠳᠠᠭᠠᠨ ᠤ ᠪᠣᠯᠪᠠᠰᠤᠷᠠᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠲᠤᠬᠠᠢ ᠨᠠᠷᠢᠨ ᠲᠠᠶᠢᠯᠤᠮᠵᠢ ᠬᠢᠵᠦ᠂ ᠢᠯᠠᠩᠭᠤᠶ᠎ᠠ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭᠠᠨ ᠤ | ᠲᠤᠬᠠᠢ ᠲᠠᠶᠢᠯᠤᠮᠵᠢ ᠵᠢᠴᠢ ᠲᠤᠰ ᠭᠠᠵᠠᠷ ᠤᠨ ᠦᠨᠳᠦᠰᠦᠲᠡᠨ ᠤ ᠠᠵᠢᠯ ᠤᠨ ︿ᠠᠷᠪᠠᠨ ᠦᠰᠦᠭ ᠤᠨ ᠤᠩᠰᠢᠯᠭ᠎ᠠ﹀ | ᠶᠢᠨ ᠲᠤᠬᠠᠢ ᠲᠠᠶᠢᠯᠪᠤᠷᠢᠯᠠᠯᠲᠠ ᠨᠢ ᠨᠠᠳᠠ ᠳᠤ ᠡᠨᠡ ᠬᠦ ᠠᠵᠢᠯ ᠤᠨ ᠠᠭᠤᠯᠤᠭᠳᠠᠬᠤᠨ ᠪᠠ ᠠᠴᠢ ᠬᠤᠯᠪᠣᠭᠳᠠᠯ ᠢ | ᠭᠦᠨᠵᠡᠭᠡᠢ ᠤᠢᠢᠯᠠᠭᠠᠭᠤᠯᠤᠭᠰᠠᠨ ᠶᠤᠮ︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ | ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠰᠢᠭᠦᠨ ᠫᠠᠩ ᠸᠧᠢ ᠸᠧᠢ ᠬᠡᠯᠡᠪᠡ᠃ 11 | ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤ ᠴᠤᠭᠴᠠᠯᠠᠬᠤ ᠬᠠᠮᠲᠤ ᠪᠠᠷ ᠰᠤᠷᠤᠯᠴᠠᠬᠤ ᠶᠢ ᠬᠥᠲᠥᠯᠥᠨ ᠵᠢᠯᠣᠭᠤᠳᠬᠤ ᠲᠤᠰᠬᠠᠶ ᠰᠡᠳᠦᠪᠲᠦ ᠪᠣᠯᠪᠠᠰᠤᠷᠠᠯ ᠤᠨ | ᠠᠩᠭᠢ ᠡᠬᠢᠯᠡᠵᠦ᠂ ᠪᠥᠬᠦ ᠬᠤᠰᠢᠭᠤᠨ ᠤ ᠰᠢᠭᠤᠳ ᠬᠠᠷᠢᠶ᠎ᠠ ᠬᠡᠰᠡᠭ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠰᠢᠭᠦᠨ᠂ ᠠᠵᠢᠯᠯᠠᠭᠴᠢ ᠨᠡᠶᠢᠲᠡ 40 ᠭᠠᠷᠤᠶ | ᠬᠥᠮᠦᠨ ᠪᠣᠯᠪᠠᠰᠤᠷᠠᠯ ᠳᠤ ᠣᠷᠣᠯᠴᠠᠵᠠᠶ᠃ | ᠲᠤᠬᠠᠶ ᠶᠢᠨ ᠲᠠᠯᠠᠪᠠᠶ ᠳᠤ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤ ᠴᠤᠭᠴᠠᠯᠠᠬᠤ ᠭᠤᠤᠯ ᠰᠢᠵᠢᠮ ᠢ ᠪᠣᠶ ᠪᠣᠯᠭᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠡᠷᠬᠡ | ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ | ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠵᠠᠶᠢᠯᠠᠰᠢ ᠥᠬᠡᠶ ᠱᠠᠭᠠᠷᠳᠠᠯᠭ᠎ᠠ᠂ ᠨᠠᠮ ᠤᠨ ᠦᠨᠳᠦᠰᠦᠲᠡᠨ ᠤ | ᠠᠵᠢᠯ ᠤᠨ ᠰᠢᠨ᠎ᠡ ᠪᠠᠶᠢᠳᠠᠯ ᠢ ᠡᠭᠦᠳᠬᠦ ᠵᠠᠶᠢᠯᠠᠰᠢ ᠥᠬᠡᠶ ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ | ᠲᠤᠰᠬᠠᠶ ᠰᠡᠳᠦᠪ ᠢᠶᠠᠷ ᠬᠢᠴᠢᠶᠡᠯᠯᠡᠪᠡ᠃ ᠪᠤᠯᠪᠠᠰᠤᠷᠠᠯ ᠳᠤ ᠤᠷᠤᠯᠴᠠᠭᠰᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠂ ᠬᠢᠨᠠᠮᠠᠭᠠᠢ ᠳᠡᠮᠳᠡᠭᠯᠡᠯ ᠬᠢᠵᠦ᠂ ᠣᠨᠣᠯ᠂ ᠠᠷᠭ᠎ᠠ ᠤᠬᠠᠭᠠᠨ᠂ ᠠᠷᠭ᠎ᠠ ᠪᠣᠳᠣᠯᠭ᠎ᠠ ᠶᠢ ᠵᠠᠳᠠᠯᠬᠤ ᠳᠤᠮᠳᠠ ᠠᠴᠠ | ᠤᠶᠤᠨ ᠤᠬᠠᠭᠠᠨ ᠳᠠᠭᠠᠨ ᠰᠢᠩᠭᠡᠭᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠡᠯᠪᠡᠭ ᠪᠠᠶᠠᠯᠢᠭ ᠠᠭᠤᠯᠤᠭᠳᠠᠬᠤᠨ ᠪᠠ ᠭᠤᠤᠯ ᠴᠢᠬᠤᠯᠠ ᠠᠭᠤᠯᠭ᠎ᠠ ᠶᠢ | ᠣᠨᠣᠪᠴᠢᠲᠠᠶ ᠡᠵᠡᠮᠰᠢᠪᠡ᠃ | ︽ᠲᠤᠰ ᠤᠳᠠᠭᠠᠨ ᠤ ᠠᠵᠢᠯᠯᠠᠭ᠎ᠠ ᠪᠣᠯ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ︿ᠲᠠᠪᠤᠨ ᠨᠢᠭᠡ﹀ ᠶᠢᠨ ᠣᠯᠠᠨ ᠲᠦᠮᠡᠨ ᠤ ᠠᠵᠢᠯ ᠤᠨ ᠠᠷᠭ᠎ᠠ ᠲᠠᠢ ᠤᠶᠠᠯᠳᠤᠭᠤᠯᠤᠨ ᠪᠣᠶ ᠪᠣᠯᠭᠠᠭᠰᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠤᠨ | ᠲᠠᠶᠢᠯᠪᠤᠷᠢᠯᠠᠬᠤ ᠨᠠᠷᠠᠲᠤ ᠲᠡᠮᠳᠡᠭ ᠮᠥᠨ᠃ ︿ᠣᠨᠣᠯ ᠤᠯᠠᠮᠵᠢᠯᠠᠬᠤ + ᠪᠣᠳᠠᠲᠠᠶ ᠦᠢᠯᠡᠳᠦᠯᠭᠡ﹀ ᠶᠢ | ᠤᠶᠠᠯᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠠᠪᠴᠤ᠂ ᠠᠵᠢᠯ ᠤᠨ ᠭᠤᠣᠯ ᠰᠢᠵᠢᠮ ᠢ | ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠭᠤᠰᠬᠠᠨ ᠣᠷᠣᠭᠤᠯᠬᠤ ᠲᠠᠯ᠎ᠠ ᠪᠠᠷ ᠭᠦᠨᠵᠡᠭᠡᠶ ᠪᠣᠳᠣᠯᠬᠢᠯᠠᠭᠰᠠᠨ ᠢᠶᠠᠷ | ᠬᠦᠷᠦᠯᠴᠡᠬᠦ ᠦᠭᠡᠶ ᠪᠠᠶᠢᠬᠤ ᠠᠰᠠᠭᠤᠳᠠᠯ ᠢ ᠰᠢᠢᠳᠪᠤᠷᠢᠯᠡᠵᠦ᠂ ᠲᠤᠰ ᠠᠵᠢᠯ ᠲᠥᠷᠥᠯ ᠲᠤᠰ ᠬᠦᠷᠢᠶᠡᠨ ᠳᠠᠬᠢ | ᠠᠵᠢᠯ ᠤᠨ ᠣᠨᠴᠠᠯᠢᠭ ᠲᠠᠢ ᠤᠶᠠᠯᠳᠤᠭᠤᠯᠤᠭᠰᠠᠨ ︿ᠥᠪᠡᠰᠦᠪᠡᠨ ᠰᠣᠩᠭᠤᠬᠤ ᠠᠵᠢᠯᠯᠠᠭ᠎ᠠ﹀ ᠶᠢᠨ ᠠᠷᠭ᠎ᠠ ᠪᠣᠳᠣᠯᠭ᠎ᠠ | ᠭᠦᠢᠴᠡᠳ ᠪᠤᠰᠤ ᠪᠠᠶᠢᠬᠤ ᠠᠰᠠᠭᠤᠳᠠᠯ ᠢ ᠰᠢᠢᠳᠪᠤᠷᠢᠯᠡᠵᠡᠢ᠃ ᠲᠠᠷᠠᠭᠠᠴᠢ ᠶᠢᠨ ᠠᠯᠬᠤᠮ ᠳᠤ ᠪᠢᠳᠡ ᠡᠶᠢᠮᠦᠷᠬᠦ | ᠪᠣᠯᠪᠠᠰᠤᠷᠠᠯ ᠤᠨ ᠠᠩᠭᠢ ᠶᠢ ᠪᠠᠶᠢᠩᠭᠤᠵᠢᠭᠤᠯᠤᠨ ᠥᠷᠨᠢᠭᠦᠯᠬᠦ ᠪᠠᠷ ᠪᠡᠯᠡᠳᠬᠡᠵᠦ ᠪᠠᠶᠢᠨ᠎ᠠ᠂ ᠪᠠᠰᠠ ᠤᠬᠠᠭᠤᠯᠤᠨ | ᠲᠠᠶᠢᠯᠪᠤᠷᠢᠯᠠᠬᠤ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ | ᠡᠩᠨᠡᠭᠡ ᠶᠢ ᠰᠠᠶᠢᠲᠤᠷ ᠠᠰᠢᠭᠯᠠᠵᠤ᠂ ᠰᠤᠮᠤ ᠰᠢᠶᠠᠩ ᠪᠠᠯᠭᠠᠰᠤ᠂ ᠪᠠᠶᠢᠭᠤᠯᠭ᠎ᠠ ᠨᠢᠭᠡᠴᠢ ᠵᠡᠷᠭᠡ ᠡᠯ᠎ᠡ ᠠᠵᠢᠯ ᠲᠥᠷᠥᠯ | ᠡᠯ᠎ᠡ ᠬᠦᠷᠢᠶᠡᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠤᠯᠠᠨ ᠤ ᠰᠣᠨᠣᠰᠴᠤ ᠣᠶᠢᠯᠠᠭᠠᠬᠤ ᠬᠡᠷᠡᠭ ᠤᠨ | ᠵᠢᠱᠢᠶ᠎ᠡ ᠪᠣᠯᠤᠨ ᠤᠯᠠᠨ ᠲᠦᠮᠡᠨ ᠲᠠᠢ ᠤᠢᠢᠷᠠᠳᠤᠭᠰᠠᠨ ᠦᠭᠡ ᠬᠡᠯᠡᠯᠭᠡ ᠪᠠᠷ ᠮᠠᠨ ᠤ ᠬᠤᠰᠢᠭᠤᠨ ᠤ ᠥᠪᠡᠷ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠦᠯᠢᠭᠡᠷ ᠢ | ᠶᠠᠷᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠦ᠋ ᠯᠦᠩ ᠬᠡᠯᠡᠪᠡ᠃ | |