| ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠦᠷᠢᠶᠡᠯᠡᠩ ᠤᠨ ᠬᠢᠩᠭᠠᠨ ᠶᠢᠨ ᠰᠢᠶᠠᠩ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠪᠠᠷ ᠣᠷᠣᠬᠤ ᠳᠤ᠂ | ᠠᠵᠢᠯᠴᠢᠳ ᠠᠭᠤᠵᠢᠮ ᠰᠠᠷᠠᠭᠤᠯ ᠠᠵᠢᠯᠯᠠᠬᠤ ᠥᠷᠥᠭᠡᠨ ᠳᠤ ᠬᠤᠷᠤᠳ᠂ ᠦᠷᠦᠮ᠎ᠡ ᠵᠡᠷᠭᠡ ᠪᠦᠲᠦᠭᠡᠭᠳᠡᠬᠦᠨ ᠢ | ᠦᠢᠯᠡᠳᠴᠦ ᠪᠠᠶᠢᠯ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠤᠮᠠᠷᠠᠲᠤ ᠥᠷᠭᠡᠷᠢᠭ ᠤᠨ 47 ᠭᠷᠠᠳᠦ᠋ᠰ ᠤᠨ ᠰᠢᠵᠢᠷ | ᠠᠯᠳᠠᠨ ᠰᠦ ᠶᠢᠨ ᠢᠷᠡᠯᠳᠡ ᠶᠢᠨ ᠪᠦᠰᠡ᠂ ᠠᠭᠤᠯᠠᠰ ᠤᠨ ᠦᠷᠭᠦᠯᠵᠢᠯᠡᠭᠰᠡᠨ ᠬᠠᠩᠭᠠᠢ ᠲᠠᠯ᠎ᠠ ᠨᠤᠲᠤᠭ ᠵᠢᠴᠢ ᠬᠡᠳᠦᠨ | ᠵᠠᠭᠤᠨ ᠵᠢᠯ ᠤᠯᠠᠮᠵᠢᠯᠠᠭᠳᠠᠭᠰᠠᠨ ᠵᠠᠰᠠᠭᠲᠤ ᠴᠠᠭᠠᠨ ᠢᠳᠡᠭᠡᠨ ᠤ ᠰᠣᠶᠣᠯ ᠤᠨ ᠳᠠᠪᠠᠭᠤᠯᠢᠭ ᠢᠶᠠᠷ ᠢᠶᠠᠨ ᠬᠢᠩᠭᠠᠨ | ᠠᠶᠢᠮᠠᠭ ᠤᠨ ᠠᠩᠬᠠᠳᠠᠭᠴᠢ ᠣᠷᠣᠨ ᠨᠤᠲᠤᠭ ᠤᠨ ᠤᠨᠴᠠᠯᠢᠭᠳᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠲᠤᠷᠰᠢᠯᠲᠠ ᠶᠢᠨ ᠴᠡᠭ ᠪᠣᠯᠤᠭᠰᠠᠨ ᠪᠠᠶᠢᠨ᠎ᠠ᠃ ᠡᠭᠦᠨ ᠢᠶᠠᠷ ᠠᠵᠠ ᠲᠣᠬᠢᠶᠠᠯ ᠪᠣᠯᠭᠠᠵᠤ | ᠂ 2023 ᠣᠨ ᠤ 5 ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠵᠤ᠂ 4 ᠤᠯᠠᠮᠵᠢᠯᠠᠯᠲᠤ ᠴᠠᠭᠠᠨ ᠢᠳᠡᠭᠡᠨ ᠤ ᠭᠠᠷ | ᠦᠢᠯᠡᠳᠭᠡᠯ ᠤᠨ ᠭᠠᠵᠠᠷ ᠪᠠ ᠦᠢᠯᠡᠳᠪᠤᠷᠢᠯᠡᠯ ᠤᠨ ᠠᠵᠤ ᠠᠬᠤᠶᠢᠯᠠᠯ ᠠᠵᠤ ᠦᠢᠯᠡᠰ ᠤᠨ ᠬᠦᠷᠢᠶᠡᠯᠡᠩ ᠳᠤ ᠣᠷᠣᠵᠤ | ᠂ ᠵᠢᠷᠤᠮᠵᠢᠭᠤᠯᠤᠨ ᠲᠥᠪᠯᠡᠷᠡᠭᠦᠯᠦᠨ ᠴᠠᠭᠠᠨ ᠢᠳᠡᠭᠡᠨ ᠢ ᠦᠢᠯᠡᠳᠪᠤᠷᠢᠯᠡᠵᠦ ᠡᠬᠢᠯᠡᠭᠰᠡᠨ ᠪᠠᠶᠢᠨ᠎ᠠ᠃ ᠠᠵᠤ | ᠠᠬᠤᠶᠢᠯᠠᠯ ᠳᠤ ᠣᠷᠣᠵᠤ ᠰᠠᠭᠤᠭᠰᠠᠨ ᠶᠠᠪᠤᠳᠠᠯ ᠨᠢ ᠨᠡᠩ ᠣᠯᠠᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠨᠡᠩ | ᠣᠯᠠᠨ ᠵᠠᠯᠠᠭᠤᠴᠤᠳ ᠢ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠳᠤ ᠲᠡᠳᠡᠨ | ᠣᠷᠣᠭᠤᠯᠤᠭᠰᠠᠨ ᠪᠠᠶᠢᠨ᠎ᠠ᠃ ᠬᠢᠩᠭᠠᠨ ᠶᠢᠨ ᠰᠢᠶᠠᠩ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ | ᠬᠥᠮᠥᠷᠭᠡ ᠶᠢᠨ ᠬᠠᠮᠢᠶᠠᠷᠤᠭᠴᠢ ᠶᠠᠩ ᠵᠢᠩ ᠶᠦᠨ ᠰᠤᠷᠪᠤᠯᠵᠢᠯᠠᠭᠴᠢ ᠳᠤ᠄ ︽ᠥᠩᠭᠡᠷᠡᠭᠰᠡᠨ ᠳᠤ ᠪᠢ ᠭᠠᠳᠠᠨ᠎ᠠ | ᠣᠷᠣᠨ ᠳᠤ ᠬᠥᠯᠥᠰᠥᠨ ᠠᠵᠢᠯ ᠬᠢᠵᠦ ᠪᠠᠶᠢᠭᠰᠠᠨ᠂ ᠡᠨᠡ ᠵᠢᠯ ᠤᠨ ᠬᠠᠪᠤᠷ ᠨᠤᠳᠤᠭ ᠲᠠᠭᠠᠨ ᠬᠠᠷᠢᠵᠤ ᠢᠷᠡᠭᠡᠳ | ᠴᠠᠭᠠᠨ ᠢᠳᠡᠭᠡᠨ ᠤ ᠠᠵᠤ ᠦᠢᠯᠡᠰ ᠮᠠᠰᠢ ᠬᠥᠭᠵᠢᠶᠡᠨ ᠲᠠᠢ ᠪᠤᠯᠵᠤ ᠪᠠᠶᠢᠬᠤ ᠶᠢ ᠬᠠᠷᠠᠭᠠᠳ᠂ ᠬᠡᠷ ᠤᠨ ᠡᠭᠦᠳᠡᠨ ᠳᠤ | ᠠᠵᠢᠯ ᠡᠷᠢᠭᠰᠡᠨ ᠪᠠᠶᠢᠨ᠎ᠠ︾ ᠭᠡᠵᠡᠶ᠃ | ᠬᠦᠮᠦᠰ ᠤᠨ ᠣᠯᠠᠨ ᠡᠰᠢᠴᠢᠯᠡᠭᠰᠡᠨ ᠬᠡᠷᠡᠭᠴᠡᠭᠡ ᠳᠤ ᠨᠡᠶᠢᠴᠡᠭᠦᠯᠬᠦ ᠶᠢᠨ ᠲᠥᠯᠥᠭᠡ᠂ ᠬᠢᠩᠭᠠᠨ ᠶᠢᠨ ᠰᠢᠶᠠᠩ | ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠰᠦ ᠶᠢᠨ ᠢᠷᠡᠯᠲᠡ᠂ ᠭᠠᠷ ᠤᠷᠠᠯᠠᠯ᠂ ᠪᠣᠭᠤᠳᠠᠯ ᠪᠠᠭᠯᠠᠭ᠎ᠠ ᠵᠡᠷᠭᠡ | ᠨᠠᠷᠢᠨ ᠵᠦᠢᠯᠡᠰ ᠠᠴᠠ ᠭᠠᠷᠳᠠᠵᠤ᠂ 50 ᠰᠢᠬᠠᠮ ᠵᠦᠢᠯ ᠤᠨ ᠰᠢᠨ᠎ᠡ ᠬᠡᠯᠪᠡᠷᠢ ᠶᠢᠨ ᠴᠠᠭᠠᠨ ᠢᠳᠡᠭᠡᠨ ᠢ ᠰᠢᠨ᠎ᠡ ᠪᠠᠷ | ᠡᠭᠦᠳᠦᠨ ᠭᠠᠷᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠴᠠᠭᠠᠨ ᠢᠳᠡᠭᠡᠨ ᠢ ᠬᠤᠳᠠᠯᠳᠤᠨ | ᠠᠪᠬᠤ ᠵᠣᠴᠢᠨ ᠡᠷᠦᠬᠡ ᠶᠠᠪᠤᠬᠤ ᠲᠤᠲᠤᠮ ᠣᠯᠠᠰᠢᠷᠠᠵᠤ ᠪᠠᠶᠢᠨ᠎ᠠ᠃ ᠬᠢᠩᠭᠠᠨ ᠶᠢᠨ ᠰᠢᠶᠠᠩ ᠰᠦ ᠶᠢᠨ | ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠤᠯᠮᠤᠨ᠄ ︽ᠡᠨᠡ ᠬᠡᠳᠦᠨ ᠵᠢᠯ ᠳᠤ᠂ ᠪᠢᠳᠡ | ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠤᠯᠠᠮᠵᠢᠯᠠᠯᠲᠤ ᠴᠠᠭᠠᠨ ᠢᠳᠡᠭᠡᠨ ᠢ ᠬᠤᠳᠠᠯᠳᠤᠭᠠᠨ ᠤ | ᠴᠢᠯᠦᠭᠡᠳᠦ ᠳᠡᠯᠭᠡᠭᠦᠷ ᠲᠤ ᠣᠷᠣᠭᠤᠯᠪᠠ᠂ ᠣᠲᠣ ᠪᠡᠭᠡᠵᠢᠩ᠂ ᠱᠠᠩᠬᠠᠶ᠂ ᠭᠤᠸᠠᠩᠵᠧᠦ᠂ ᠱᠧᠨᠵᠧᠨ᠂ ᠬᠠᠩᠵᠧᠦ | ᠵᠡᠷᠭᠡ ᠣᠯᠠᠨ ᠭᠠᠵᠠᠷ ᠲᠤ ᠴᠥᠮ ᠲᠣᠭᠲᠠᠪᠤᠷᠢᠲᠠᠶ ᠬᠠᠩᠭᠠᠯᠭ᠎ᠠ ᠶᠢᠨ ᠬᠡᠯᠬᠢᠶ᠎ᠡ ᠲᠠᠢ ᠪᠣᠯᠵᠠᠶ᠂ ᠪᠢᠳᠡ ᠪᠠᠰᠠ ᠥᠪᠥᠷ | ᠮᠣᠩᠭᠤᠯ ᠤᠨ ᠠᠭᠠᠷ ᠤᠨ ᠠᠶᠠᠯᠠᠯ ᠤᠨ ᠺᠣᠮᠫᠠᠨᠢ ᠲᠠᠢ ᠠᠭᠠᠷ ᠤᠨ ᠠᠶᠠᠯᠠᠯ ᠤᠨ ᠬᠤᠭᠤᠯᠠᠨ ᠤ ᠵᠠᠬᠢᠶᠠᠯᠠᠭ᠎ᠠ ᠶᠢᠨ | ᠬᠠᠭᠤᠳᠠᠰᠤ ᠲᠣᠭᠲᠠᠵᠤ᠂ ᠴᠠᠭᠠᠨ ᠢᠳᠡᠭᠡᠨ ᠢ ᠬᠥᠬᠡ ᠣᠭᠲᠠᠷᠭᠤᠶ ᠳᠤ ᠭᠠᠷᠭᠠᠪᠠ᠃ ᠰᠦᠯᠵᠢᠶᠡᠨ ᠳᠡᠭᠡᠷᠡᠬᠢ ᠠᠷᠭ᠎ᠠ | ᠵᠠᠮ ᠤᠨ ᠦᠳᠲᠡᠷ ᠲᠦᠷᠭᠡᠨ ᠬᠥᠭᠵᠢᠵᠦ ᠪᠠᠶᠢᠭ᠎ᠠ ᠪᠠᠶᠢᠳᠠᠯ ᠤᠨ ᠡᠮᠦᠨ᠎ᠡ᠂ ᠪᠢᠳᠡ ᠰᠢᠨ᠎ᠡ ᠵᠠᠭᠤᠴᠢᠯᠠᠭᠤᠷ ᠢ | ᠠᠰᠢᠭᠯᠠᠨ ᠨᠠᠩ ᠣᠯᠠᠨ ᠠᠮᠲᠠᠲᠠᠶ ᠤᠯᠠᠮᠵᠢᠯᠠᠯᠲᠤ ᠴᠠᠭᠠᠨ ᠢᠳᠡᠭᠡᠨ ᠢ ᠪᠥᠬᠦ ᠤᠯᠤᠰ ᠤᠨ ᠡᠯ᠎ᠡ ᠭᠠᠵᠠᠷ ᠲᠤ | ᠪᠣᠷᠣᠯᠠᠭᠤᠯᠤᠨ᠎ᠠ︾ ᠭᠡᠵᠡᠶ᠃ |