| 12 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠬᠤᠷᠢᠶᠠᠨ ᠤ 133 ᠳ᠋ᠣᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠦᠭᠦ ᠲᠠᠯ᠎ᠠ ᠪᠠᠷ | ᠬᠠᠤᠯᠢ ᠪᠠᠷ ᠬᠤᠰᠢᠭᠤ ᠶᠢ ᠵᠠᠰᠠᠬᠤ ᠬᠤᠷᠠᠯ ᠬᠤᠷᠠᠯᠳᠤᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ | ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ᠂ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠪᠤᠰᠤᠳ ᠬᠤᠰᠢᠭᠤᠨ ᠤ ᠨᠠᠮ ᠤᠨ ᠬᠤᠷᠢᠶ᠎ᠠ ᠳᠤ ᠪᠠᠶᠢᠭ᠎ᠠ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠶᠤᠸᠠᠢ ᠰᠥᠩ ᠱᠠᠨ ᠵᠢᠴᠢ ᠬᠡᠰᠡᠭ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ 2024 ᠣᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ᠂ ᠬᠡᠰᠡᠭ ᠰᠤᠮᠤ ᠰᠢᠶᠠᠩ ᠪᠠᠯᠭᠠᠰᠤ ᠪᠣᠯᠤᠨ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠬᠤᠷᠠᠯ ᠠᠴᠠ᠂ ᠪᠥᠬᠦ ᠬᠤᠰᠢᠭᠤ ᠪᠠᠷ ᠢᠶᠠᠨ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠳᠣᠪᠤᠶᠢᠯᠭᠠᠵᠤ᠂ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠲᠤᠬᠠᠶ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠨᠡᠨᠴᠢ | ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠲᠠᠢ ᠤᠶᠠᠯᠳᠤᠭᠤᠯᠵᠤ᠂ ︽ᠬᠠᠤᠯᠢᠵᠢᠯ ᠤᠨ ᠵᠠᠰᠠᠭ ᠤᠨ ᠣᠷᠳᠣᠨ | ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ︾ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠠᠵᠢᠯ ᠢ ᠴᠢᠩᠭᠠᠳᠬᠠᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ | ᠤᠬᠠᠮᠰᠠᠷ ᠢ ᠪᠤᠢ ᠪᠣᠯᠭᠠᠵᠤ᠂ ︽ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ︾ ᠶᠢᠨ ᠨᠠᠶᠢᠳᠠᠪᠤᠷᠢᠵᠢᠭᠤᠯᠤᠯᠲᠠ ᠶᠢ | ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ | ᠴᠠᠭᠠᠵᠠ ᠶᠢ ᠲᠦᠭᠡᠮᠡᠯᠵᠢᠭᠦᠯᠬᠦ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ | ᠬᠠᠤᠯᠢ ᠪᠠᠷ ᠵᠠᠰᠠᠬᠤ ᠶᠢ ᠨᠡᠶᠢᠭᠡᠮ ᠤᠨ ᠬᠠᠮᠲᠤ ᠶᠢᠨ ᠲᠠᠨᠢᠯᠲᠠ ᠪᠠ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠥᠰᠦᠪ ᠢ | ᠭᠦᠢᠴᠡᠳᠬᠡᠬᠦ ᠵᠡᠷᠭᠡ ᠲᠠᠯ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ |