ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 26 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠵᠢᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠢᠷᠡᠬᠦ ᠵᠢᠯ ᠤᠨ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠦ ᠵᠢᠭᠠᠨ ᠵᠢᠯᠣᠭᠤᠳᠪᠠ᠃    ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠬᠤᠷᠠᠯ ᠢ ᠲᠤᠰᠢᠶᠠᠯ ᠤᠨ ᠮᠡᠳᠡᠭᠦᠯᠦᠯᠲᠡ ᠪᠠ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠠᠢ᠃ ᠬᠤᠷᠠᠯ ᠠᠴᠠ ᠬᠡᠰᠡᠭ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠬᠢᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠦᠨ ᠱᠦ ᠲᠤᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠮᠡᠳᠡᠭᠦᠯᠦᠯᠲᠡ ᠪᠠ ᠡᠳᠦᠷ ᠲᠤᠳᠤᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ ᠨᠢᠭᠡᠳ ᠨᠢᠭᠡ ᠪᠠᠷ ᠦᠨᠡᠯᠡᠪᠡ᠃    ᠰᠦᠨ ᠱᠦ ᠲᠤᠤ᠂ ᠡᠨᠡ ᠵᠢᠯ ᠠᠴᠠ ᠨᠠᠰᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠦᠷᠭᠦᠯᠵᠢᠯᠡᠨ ᠦᠨᠳᠦᠰᠦᠨ ᠱᠠᠳᠤ ᠶᠢ ᠠᠳᠬᠤᠵᠤ᠂ ᠰᠠᠭᠤᠷᠢ ᠶᠢ ᠲᠠᠯᠪᠢᠵᠤ᠂ ᠦᠨᠳᠦᠰᠦᠨ ᠵᠦᠢᠯ ᠢ ᠴᠢᠩᠭᠠᠳᠬᠠᠨ᠂ ᠤᠯᠤᠰ ᠲᠦᠷᠦ ᠶᠢᠨ ᠪᠠᠶᠢᠭᠤᠯᠤᠯᠲᠠ ᠳᠤ ᠰᠢᠨ᠎ᠡ ᠦᠨᠳᠦᠷᠴᠡ ᠲᠠᠢ ᠪᠤᠯᠵᠤ᠂ ᠭᠤᠣᠯ ᠰᠢᠵᠢᠮ ᠢ ᠲᠤᠭᠤᠰᠢᠯᠠᠭᠤᠯᠬᠤ ᠳᠤ ᠰᠢᠨ᠎ᠡ ᠳᠡᠭᠡᠭᠰᠢᠯᠡᠯᠲᠡ ᠲᠠᠢ ᠪᠤᠯᠵᠤ᠂ ᠵᠣᠬᠢᠶᠠᠨ ᠪᠠᠶᠢᠭᠤᠯᠤᠯᠲᠠ ᠳᠤ ᠰᠢᠨ᠎ᠡ ᠲᠠᠪᠰᠢᠯᠳᠠ ᠲᠠᠢ ᠪᠤᠯᠵᠤ᠂ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠳᠤ ᠰᠢᠨ᠎ᠡ ᠦᠷ᠎ᠡ ᠪᠦᠲᠦᠮᠵᠢ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠳᠤ ᠰᠢᠨ᠎ᠡ ᠳᠦᠷᠰᠦ ᠪᠠᠶᠢᠳᠠᠯ ᠲᠠᠢ ᠪᠤᠯᠵᠤ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ ᠭᠡᠵᠡᠢ᠃    ᠰᠦᠨ ᠱᠦ ᠲᠤᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠤᠨ ᠬᠥᠮᠦᠵᠢᠯ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠡᠭᠦᠷᠭᠡᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠣᠭᠴᠠᠯᠠᠵᠤ᠂ ᠮᠠᠯᠵᠢᠬᠤ ᠲᠠᠷᠢᠶᠠᠯᠠᠬᠤ ᠣᠷᠣᠨ᠂ ᠬᠤᠲᠠ᠂ ᠪᠠᠶᠢᠭᠤᠯᠭ᠎ᠠ ᠨᠢᠭᠡᠴᠢ᠂ ᠰᠤᠷᠭᠠᠭᠤᠯᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠵᠡᠪᠰᠡᠭ ᠮᠥᠷᠦ᠋ᠢᠴᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠤᠨ᠂ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠡᠷᠲᠡ ᠠᠴᠠ ᠲᠥᠯᠥᠪᠵᠢᠭᠦᠯᠵᠦ᠂ ᠨᠠᠮ ᠤᠨ ᠡᠭᠦᠷ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡᠯᠡᠨ ᠠᠵᠢᠯ ᠶᠠᠪᠤᠳᠠᠯ ᠬᠢᠬᠦ᠂ ᠪᠣᠳᠠᠲᠠᠶ ᠠᠵᠢᠯᠯᠠᠬᠤ ᠶᠢ ᠡᠷᠬᠢᠮᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢ ᠦᠨᠡᠯᠡᠬᠦ ᠰᠢᠰᠲ᠋ᠧᠮ ᠢ ᠪᠦᠷᠢᠨᠰᠢᠬᠦᠯᠬᠦ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠬᠠᠤᠯᠢ ᠲᠣᠭᠲᠠᠭᠠᠯ ᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠳᠤᠮᠳᠠ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠰᠦᠨ ᠱᠦ ᠲᠤᠤ ᠪᠠᠰᠠ ᠵᠠᠬᠢᠳᠠᠯ ᠰᠤᠷᠪᠤᠯᠵᠢᠯᠠᠯ ᠢᠶᠠᠷ ᠲᠣᠭᠲᠠᠭᠤᠨ ᠢ ᠬᠠᠮᠠᠭᠠᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠳᠦᠷᠪᠡᠨ ᠭᠤᠣᠯᠳᠠᠯᠭ᠎ᠠ ᠲᠠᠢ ᠠᠵᠢᠯ᠂ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠶᠡᠭᠡ ᠱᠠᠯᠠᠪᠳᠠᠭᠤᠯᠤᠨ ᠪᠠᠶᠢᠴᠠᠭᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠨᠥᠬᠦᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠪᠠ᠃ ᠬᠤᠸᠠᠩ ᠮᠠᠨ ᠯᠢᠶᠠᠩ ᠂ ᠸᠠᠩ ᡁᠢ ᠪᠢᠶᠤᠤ᠂ ᠵᠢᠶᠠᠩ ᠪᠸᠢ ᠫᠢᠩ ᠲᠤᠰ ᠲᠤᠰ ᠶᠡᠷᠦᠩᠬᠡᠶᠢᠯᠡᠭᠰᠡᠨ ᠦᠨᠡᠯᠡᠯᠲᠡ ᠬᠢᠪᠡ᠃    ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ᠂ ᠬᠡᠰᠡᠭ ︽ᠬᠤᠶᠠᠷ ᠲᠦᠯᠦᠭᠡᠯᠡᠭᠴᠢ ᠨᠢᠭᠡ ᠬᠤᠷᠢᠶ᠎ᠠ︾ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号