| 12 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠠᠶᠢᠮᠠᠭ ᠤᠨ | ᠳᠠᠷᠤᠭ᠎ᠠ ᠯᠢᠶᠠᠨ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ ᠢᠶᠠᠷ ᠭᠦᠨᠵᠡᠭᠡᠶᠢᠷᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠵᠢᠴᠢ | ᠠᠶᠤᠯᠭᠦᠶ ᠦᠢᠯᠡᠳᠪᠤᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠵᠢᠴᠢ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ | ᠯᠢᠶᠠᠨ ᠳ᠋ᠦᠩ ᠨᠡᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠸᠠᠨ ᠮᠧᠶ | ᠪᠣᠬᠢᠷ ᠤᠰᠤ ᠰᠢᠢᠳᠪᠤᠷᠢᠯᠡᠬᠦ ᠦᠢᠯᠡᠳᠪᠦᠷᠢ᠂ ᠬᠤᠩ ᠳ᠋ᠠ ᠳᠠᠷᠤᠵᠤ ᠴᠢᠳᠬᠤᠬᠤ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ᠂ ᠾᠧ ᠹᠧᠩ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠷᠠᠰᠢᠶᠠᠨ 1198 | ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ᠂ ᠬᠢᠩᠭᠠᠨ ᠢᠯᠢ ᠰᠦ ᠶᠢᠨ ᠦᠢᠯᠡᠰ ᠤᠨ ᠪᠦᠷᠢᠨ ᠪᠤᠰᠤ | ᠬᠠᠷᠢᠭᠤᠴᠠᠯᠭᠠᠲᠤ ᠺᠣᠮᠫᠠᠨᠢ ᠵᠢᠴᠢ ᠰᠤᠸᠠᠨ ᠯᠢ ᠠᠵᠤ ᠦᠢᠯᠡᠰ ᠤᠨ ᠬᠦᠷᠢᠶᠡᠯᠡᠩ ᠢᠶᠠᠷ ᠭᠦᠨᠵᠡᠭᠡᠶᠢᠷᠡᠵᠦ᠂ ᠠᠵᠤ | ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ ᠠᠵᠤ ᠦᠢᠯᠡᠰ ᠤᠨ | ᠬᠡᠯᠬᠢᠶ᠎ᠡ ᠶᠢᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠮᠡᠷᠭᠡᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ᠂ ᠦᠢᠯᠡᠳᠪᠤᠷᠢᠯᠡᠯ ᠤᠨ ᠬᠠᠮᠢᠶᠠᠷᠤᠯᠲᠠ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠶᠤᠯᠭᠦᠢ ᠦᠢᠯᠡᠳᠪᠤᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ | ᠠᠬᠢᠭᠤᠯᠪᠠ᠃ | ᠯᠢᠶᠠᠨ ᠳ᠋ᠦᠩ᠂ ᠠᠶᠤᠯᠭᠦᠶ ᠦᠢᠯᠡᠳᠪᠤᠷᠢᠯᠡᠯ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠯ᠎ᠡ ᠭᠠᠵᠠᠷ ᠤᠨ ᠬᠢᠨ ᠣᠳᠣᠬᠠᠨ ᠤ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠬᠢᠨᠠᠨ ᠬᠡᠮᠵᠢᠵᠦ ᠲᠣᠬᠢᠷᠠᠭᠤᠯᠬᠤ ᠪᠠᠨ | ᠴᠢᠩᠭᠠᠳᠬᠠᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠠᠵᠤ ᠠᠬᠤᠶᠢᠯᠠᠯ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ |