2024 ᠣᠨ ᠤ ︽ᠰᠢᠶᠠᠨ ᠨᠥᠩ ᠪᠧᠢ ᠬᠤᠨᠳᠠᠭᠠᠲᠤ︾ ᠪᠣᠬᠢᠷᠲᠤᠯ ᠥᠬᠡᠶ ᠪᠦᠲᠦᠭᠡᠭᠳᠡᠬᠦᠨ ᠤ ᠵᠠᠷ ᠮᠡᠳᠡᠭᠡᠨ ᠤ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 19 ᠤ ᠡᠳᠦᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠵᠢᠯᠣᠭᠤᠳᠬᠤ ᠥᠷᠲᠡᠭᠡ ᠬᠠᠮᠳᠤᠷᠠᠨ ᠡᠷᠬᠢᠯᠡᠭᠰᠡᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠮᠵᠢᠭᠰᠡᠨ 2024 ᠣᠨ ᠤ ︽ᠰᠢᠶᠠᠨ ᠨᠥᠩ ᠪᠧᠢ ᠬᠤᠨᠳᠠᠭᠠᠲᠤ︾ ᠪᠣᠬᠢᠷᠲᠤᠯ ᠥᠬᠡᠶ ᠪᠦᠲᠦᠭᠡᠭᠳᠡᠬᠦᠨ ᠤ ᠵᠠᠷ ᠮᠡᠳᠡᠭᠡᠨ ᠤ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢᠦ ᠰᠢᠶᠠᠩ ᠶᠠᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠣᠣ ᠵᠢᠶᠧ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠶᠣᠰᠣᠯᠠᠯ ᠳᠤ ᠣᠷᠣᠯᠴᠠᠵᠠᠶ᠃    ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠬᠠᠪᠲᠠᠭᠠᠶ ᠵᠢᠷᠤᠭ 27᠂ ᠸᠢᠳᠢᠤ᠋ ᠪᠦᠲᠦᠭᠡᠯ 18 ᠪᠣᠶ᠂ ᠴᠢᠩᠭ᠎ᠠ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠨᠡᠶᠢᠲᠡ 12 ᠪᠦᠲᠦᠭᠡᠯ ᠱᠠᠩᠨᠠᠯ ᠭᠥᠷᠳᠡᠪᠡ᠃ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠳ ᠲᠤ ᠲᠣᠰ ᠲᠣᠰ ᠱᠠᠩᠨᠠᠯ ᠣᠯᠭᠤᠪᠠ᠃ ᠱᠠᠩᠨᠠᠯ ᠣᠯᠤᠭᠰᠠᠨ ᠪᠦᠲᠦᠭᠡᠯ ᠨᠢ ᠥᠪᠡᠷᠮᠢᠴᠡ ᠪᠦᠲᠦᠭᠡᠯᠴᠢ ᠬᠠᠷᠠᠭᠠᠰᠤ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠪᠠ ᠪᠣᠷᠣᠯᠠᠭᠤᠯᠭ᠎ᠠ ᠶᠢᠨ ᠲᠥᠰᠦᠪᠯᠡᠯ ᠢᠶᠠᠷ ᠵᠠᠷ ᠮᠡᠳᠡᠭᠡᠨ ᠤ ᠪᠦᠲᠦᠭᠡᠯᠴᠢ ᠲᠥᠰᠦᠪᠯᠡᠯ ᠤᠨ ᠬᠦᠷᠢᠶᠡᠨ ᠳᠠᠬᠢ ᠪᠣᠬᠢᠷᠲᠤᠯ ᠥᠬᠡᠶ ᠪᠦᠲᠦᠭᠡᠭᠳᠡᠬᠦᠨ ᠤ ᠬᠢᠵᠠᠭᠠᠯᠠᠰᠢ ᠥᠬᠡᠶ ᠳᠠᠯᠳᠠ ᠬᠦᠴᠦᠨ ᠢ ᠢᠯᠡᠷᠡᠭᠦᠯᠪᠡ᠃    ᠯᠢ ᠶᠣᠣ ᠵᠢᠶᠧ᠂ ᠲᠣᠰ ᠤᠳᠠᠭᠠᠨ ᠤ ᠤᠷᠤᠯᠳᠤᠭᠠᠨ ᠳᠤ ᠮᠠᠰᠢ ᠣᠯᠠᠨ ᠰᠢᠯᠢᠳᠡᠭ ᠵᠠᠷ ᠮᠡᠳᠡᠭᠡᠨ ᠤ ᠪᠦᠲᠦᠭᠡᠯᠴᠢ ᠪᠦᠲᠦᠭᠡᠯ ᠢ ᠠᠭᠤᠳᠠᠯᠤᠨ ᠭᠠᠷᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠰᠣᠶᠣᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠪᠣᠷᠣᠯᠠᠭᠤᠯᠬᠤ ᠬᠦᠴᠦᠨ ᠢ ᠨᠡᠮᠡᠭᠳᠡᠭᠦᠯᠦᠨ᠂ ᠰᠢᠯᠢᠳᠡᠭ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠬᠤ ᠳᠤ ᠴᠢᠬᠤᠯᠠ  ᠦᠢᠯᠡᠳᠦᠯ ᠦᠵᠡᠭᠦᠯᠪᠡ ᠭᠡᠵᠡᠢ᠃    ᠯᠢᠦ ᠰᠢᠶᠠᠩ ᠶᠠᠩ᠂ ᠲᠣᠰ ᠤᠳᠠᠭᠠᠨ ᠤ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠵᠠᠷ ᠮᠡᠳᠡᠭᠡᠨ ᠤ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠨᠢ ᠨᠢᠭᠡ ᠤᠳᠠᠭᠠᠨ ᠤ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠲᠡᠳᠦᠶ ᠪᠢᠰᠢ᠂ ᠨᠠᠩ ᠴᠤ ᠨᠢᠭᠡ ᠤᠳᠠᠭᠠᠨ ᠤ ᠨᠠᠷᠠᠲᠤ ᠲᠥᠷᠥᠯ ᠲᠡᠮᠳᠡᠭᠲᠦ ᠶᠢᠨ ᠣᠶᠢᠯᠠᠭᠠᠭᠳᠠᠬᠤᠨ ᠤ ᠰᠣᠯᠢᠯᠴᠠᠭ᠎ᠠ ᠪᠠ ᠮᠥᠷᠭᠦᠯᠳᠦᠯ ᠮᠥᠨ᠂ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠬᠠᠷᠠᠭᠠᠨ ᠰᠡᠷᠡᠯ ᠪᠠ ᠣᠶᠤᠨ ᠰᠠᠨᠠᠭᠠᠨ ᠤ ᠦᠪᠡᠳᠡᠭᠰᠢ ᠨᠠᠶᠢᠷ ᠢ ᠠᠪᠴᠢᠷᠠᠵᠤ᠂ ᠨᠠᠩ ᠴᠤ ᠬᠢᠩᠭᠠᠨ ᠠᠶᠢᠮᠠᠭ ᠤᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠵᠠᠷ ᠮᠡᠳᠡᠭᠡᠨ ᠤ ᠠᠵᠢᠯ ᠲᠥᠷᠥᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠤᠷᠴᠠ ᠰᠡᠷᠡᠯ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠳᠤ᠂ ᠤᠷᠤᠯᠳᠤᠭᠠᠨ ᠳᠤ ᠣᠷᠣᠯᠴᠠᠭᠰᠠᠳ ᠲᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠪᠣᠬᠢᠷᠲᠤᠯ ᠥᠬᠡᠶ ᠪᠦᠲᠦᠭᠡᠭᠳᠡᠬᠦᠨ ᠤ ᠠᠵᠢᠯ ᠲᠥᠷᠥᠯ ᠳᠤ ᠰᠢᠨ᠎ᠡ ᠡᠭᠦᠳᠦᠯᠲᠡ ᠶᠢ ᠨᠡᠮᠡᠷᠢᠯᠡᠵᠦ᠂ ᠪᠣᠬᠢᠷᠲᠤᠯ ᠥᠬᠡᠶ ᠪᠦᠲᠦᠭᠡᠭᠳᠡᠬᠦᠨ ᠪᠠ ᠵᠠᠷ ᠮᠡᠳᠡᠭᠡᠨ ᠤ ᠡᠭᠦᠳᠦᠯᠲᠡ ᠶᠢᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号