ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠪᠤᠢ
ᠨᠡᠶᠢᠲᠡᠯᠡᠭᠰᠡᠨ ᠴᠠᠭ᠄
2024/12/4
    ᠴᠠᠰᠤᠨ ᠤ ᠳᠠᠷᠠᠭᠠᠬᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤᠨ ᠤ ᠬᠤᠩ ᠰᠢᠨ ᠲᠣᠰᠬᠤᠨ ᠤ ᠠᠮᠤ ᠪᠤᠳᠠᠭ᠎ᠠ ᠶᠢ ᠲᠥᠪᠯᠡᠷᠡᠭᠦᠯᠦᠨ ᠬᠠᠳᠠᠭᠠᠯᠠᠬᠤ ᠭᠠᠵᠠᠷ ᠲᠤ ᠡᠷᠳᠡᠨᠢ ᠰᠢᠰᠢ ᠶᠢ ᠳᠦᠭᠦᠷᠲᠡᠯ᠎ᠡ ᠬᠤᠷᠢᠶᠠᠭᠰᠠᠨ ᠪᠤᠯᠤᠳ ᠰᠡᠷᠡᠯᠵᠢᠨ ᠲᠣᠣᠷ ᠣᠨᠴᠠ ᠢᠯᠡ ᠲᠣᠳᠣ ᠬᠠᠷᠠᠭᠳᠠᠨ᠎ᠠ᠃ ᠲᠣᠰᠬᠤᠨ ᠤ ᠠᠷᠠᠳ ᠪᠠᠢ ᠬᠤᠢ ᠯᠢᠩ ᠥᠪᠡᠷ ᠤᠨ ᠬᠠᠳᠠᠭᠠᠯᠠᠭᠰᠠᠨ 3 ᠲᠦᠮᠡ ᠭᠠᠷᠤᠢ ᠵᠢᠩ ᠡᠷᠳᠡᠨᠢ ᠰᠢᠰᠢ ᠪᠠᠨ ᠦᠵᠡᠬᠦ ᠪᠠᠷ ᠢᠷᠡᠯ᠎ᠡ᠂ ︽ᠥᠩᠭᠡᠷᠡᠭᠰᠡᠨ ᠵᠢᠯ ᠤᠳ ᠲᠤ ᠠᠮᠤ ᠪᠤᠳᠠᠭ᠎ᠠ ᠪᠠᠨ ᠰᠢᠭᠤᠳ ᠭᠠᠵᠠᠷ ᠳᠡᠭᠡᠷ᠎ᠡ ᠪᠠᠭᠤᠯᠭᠠᠵᠤ᠂ ᠬᠡᠳᠦᠨ ᠡᠳᠦᠷ ᠠᠯᠤᠰᠯᠠᠪᠠᠯ ᠳᠠᠷᠤᠢ ᠨᠢᠭᠡ ᠨᠦᠬᠡ ᠮᠠᠯᠲᠠᠵᠤ ᠸᠠᠯᠠᠭᠰᠠᠨ ᠡᠰᠡᠬᠦ ᠶᠢ ᠪᠠᠶᠢᠴᠠᠭᠠᠨ᠎ᠠ᠂ ᠸᠠᠯᠠᠪᠠᠯ ᠬᠤᠳᠠᠯᠳᠤᠵᠤ ᠳᠡᠶᠢᠯᠬᠦ ᠦᠭᠡᠢ ᠠᠴᠠ ᠯᠡ ᠠᠶᠤᠨ᠎ᠠ᠂ ᠤᠳᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠪᠠᠶᠢᠨ᠎ᠠ᠂ ᠠᠮᠤ ᠪᠤᠳᠠᠭᠠᠨ ᠤ ᠦᠨ᠎ᠡ ᠥᠰᠦᠭᠰᠡᠨ ᠤ ᠲᠠᠷᠠᠭ᠎ᠠ ᠰᠠᠶ᠋ᠢ ᠬᠤᠳᠠᠯᠳᠤᠨ᠎ᠠ︾ ᠭᠡᠵᠦ ᠪᠠᠢ ᠬᠤᠢ ᠯᠢᠩ ᠪᠠᠶᠠᠷᠲᠠᠢ ᠬᠡᠯᠡᠪᠡ᠃ ᠬᠤᠩ ᠰᠢᠨ ᠲᠣᠰᠬᠤᠨ ᠳᠤ ᠪᠠᠢ ᠬᠤᠢ ᠯᠢᠩ ᠰᠢᠭ ᠢᠶᠠᠷ ᠡᠷᠳᠡᠨᠢ ᠰᠢᠰᠢ ᠪᠠᠨ ᠲᠥᠪᠯᠡᠷᠡᠭᠦᠯᠦᠨ ᠠᠮᠤ ᠪᠤᠳᠠᠭ᠎ᠠ ᠬᠠᠳᠠᠭᠠᠯᠠᠬᠤ ᠭᠠᠵᠠᠷ ᠲᠤ ᠬᠠᠳᠠᠭᠠᠯᠠᠵᠤ ᠪᠠᠶᠢᠭ᠎ᠠ ᠡᠷᠤᠬᠡ 55 ᠪᠠᠶᠢᠵᠤ᠂ ᠨᠡᠶᠢᠳᠡ 100 ᠭᠠᠷᠤᠢ ᠲᠦᠮᠡᠨ ᠵᠢᠩ ᠡᠷᠳᠡᠨᠢ ᠰᠢᠰᠢ ᠬᠠᠳᠠᠭᠠᠯᠠᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠪᠧᠶ ᠮᠢᠨ ᠾᠧ ᠭᠠᠴᠠᠭ᠎ᠠ ᠶᠢᠨ ᠬᠦᠷᠢᠶ᠎ᠡ ᠪᠣᠯᠭᠠᠨ ᠳᠤ ᠴᠥᠮ ᠲᠣᠭᠤᠷᠢᠭ ᠬᠡᠯᠪᠡᠷᠢ ᠲᠠᠢ ᠪᠤᠶᠤ ᠣᠷᠳᠣ ᠳᠥᠷᠪᠡᠯᠵᠢᠨ ᠬᠡᠯᠪᠡᠷᠢ ᠲᠠᠢ ᠪᠣᠯᠣᠳ ᠰᠡᠷᠡᠯᠵᠢᠨ ᠲᠣᠤᠷ ᠲᠠᠢ᠃ ᠡᠨᠡ ᠵᠢᠯ᠂ ᠪᠸᠢ ᠮᠢᠨ ᠾᠧ ᠭᠠᠴᠠᠭ᠎ᠠ ᠬᠠᠮᠲᠤ ᠪᠠᠷ ᠠᠮᠤ ᠪᠤᠳᠠᠭ᠎ᠠ ᠬᠠᠳᠠᠭᠠᠯᠠᠬᠤ ᠪᠠᠭᠠᠵᠢ ᠬᠡᠷᠡᠭᠰᠡᠯ ᠢ ᠨᠢᠭᠡᠳᠦᠯᠲᠡᠶ ᠬᠤᠳᠠᠯᠳᠤᠨ ᠠᠪᠴᠤ᠂ ᠭᠠᠴᠠᠭᠠᠨ ᠤ ᠠᠷᠠᠳ ᠲᠤ ᠲᠦᠷᠢᠶᠡᠰᠦᠯᠡᠨ ᠥᠭᠴᠦ᠂ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ ᠶᠢᠨ ᠬᠠᠮᠲᠤ ᠠᠮᠤ ᠪᠤᠳᠠᠭ᠎ᠠ ᠬᠠᠳᠠᠭᠠᠯᠠᠬᠤ ᠶᠠᠪᠤᠴᠠ ᠳᠠᠬᠢ ᠬᠠᠮᠢᠶᠠᠷᠤᠯᠲᠠ ᠪᠠᠨ ᠴᠢᠩᠭᠠᠳᠬᠠᠪᠠ᠃ ᠪᠸᠢ ᠮᠢᠨ ᠾᠧ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠴᠠᠩ ᠬᠤᠢ᠄ ︽ᠪᠸᠢ ᠮᠢᠨ ᠾᠧ ᠭᠠᠴᠠᠭ᠎ᠠ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠢᠳᠡᠪᠬᠢᠲᠡᠶ ᠠᠬᠢᠭᠤᠯᠵᠤ᠂ ᠨᠡᠶᠢᠲᠡ 91 ᠢᠵᠢ ᠲᠣᠮᠣ ᠬᠡᠯᠪᠡᠷᠢ ᠶᠢᠨ ᠲᠦᠭᠦᠭᠡᠷᠦᠮᠵᠢ ᠶᠢ ᠲᠠᠯᠪᠢᠵᠤ᠂ ᠢᠵᠢ ᠪᠦᠷᠢ ᠳᠤ ᠪᠠᠷᠤᠭ 3 ᠲᠦᠮᠡᠨ ᠵᠢᠩ ᠡᠷᠳᠡᠨᠢ ᠰᠢᠰᠢ ᠬᠠᠳᠠᠭᠠᠯᠠᠵᠤ᠂ 105 ᠳᠤᠮᠳᠠ ᠬᠡᠯᠪᠡᠷᠢ ᠶᠢᠨ ᠲᠦᠬᠦᠭᠡᠷᠦᠮᠵᠢ ᠶᠢ ᠲᠠᠯᠪᠢᠵᠤ᠂ 5000 ᠵᠢᠩ ᠣᠷᠴᠢᠮ ᠡᠷᠳᠡᠨᠢ ᠰᠢᠰᠢ ᠶᠢ ᠬᠠᠳᠠᠭᠠᠯᠠᠵᠤ ᠪᠣᠯᠤᠨ᠎ᠠ᠂ ᠭᠠᠴᠠᠭᠠᠨ ᠤ ᠠᠷᠠᠳ ᠥᠪᠡᠷᠲᠡᠭᠡᠨ 200 ᠭᠠᠷᠤᠶ ᠢᠵᠢ ᠵᠢᠵᠢᠭ ᠬᠡᠯᠪᠡᠷᠢ ᠶᠢᠨ ᠲᠦᠬᠦᠭᠡᠷᠦᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠪᠠᠷ ᠳᠡᠮᠵᠢᠨ ᠭᠠᠴᠠᠭᠠᠨ ᠤ ᠠᠷᠠᠳ ᠲᠤ ᠪᠣᠳᠠᠲᠠᠶ ᠠᠰᠢᠭ ᠬᠦᠷᠲᠡᠭᠡᠪᠡ︾ ᠭᠡᠵᠡᠶ᠃    ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠵᠤ᠂ ᠠᠮᠤ ᠪᠤᠳᠠᠭ᠎ᠠ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠮᠤᠢ᠃ ᠡᠨᠡ ᠵᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠲᠠᠯᠠᠪᠠᠶ᠂ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠦᠷ᠎ᠡ ᠠᠰᠢᠭ ᠢᠶᠠᠷ ᠳᠣᠤᠷ᠎ᠠ ᠰᠤᠯᠠ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠢ ᠠᠰᠢᠭᠯᠠᠨ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠪᠣᠰᠤᠭ᠎ᠠ ᠴᠣᠭᠴᠠᠲᠤ ᠠᠮᠤ ᠪᠤᠳᠠᠭ᠎ᠠ ᠬᠠᠳᠠᠭᠠᠯᠠᠬᠤ ᠲᠥᠬᠦᠭᠡᠷᠦᠮᠵᠢ ᠪᠠᠶᠢᠭᠤᠯᠵᠤ᠂ ᠬᠥᠳᠡᠯᠮᠦᠷᠢ ᠬᠦᠴᠦ ᠬᠦᠷᠦᠯᠴᠡᠬᠦ ᠥᠬᠡᠶ᠂ ᠬᠦᠷᠢᠶ᠎ᠡ ᠬᠠᠰᠢᠶ᠎ᠠ ᠶᠢᠨ ᠲᠠᠯᠠᠪᠠᠶ ᠪᠠᠷ ᠪᠠᠭ᠎ᠠ ᠲᠠᠷᠢᠶᠠᠴᠢᠨ ᠡᠷᠦᠬᠡ ᠶᠢᠨ ᠭᠠᠴᠠᠭ᠎ᠠ ᠲᠣᠰᠬᠤᠨ ᠤ ᠠᠮᠤ ᠪᠤᠳᠠᠭ᠎ᠠ ᠶᠢ ᠲᠥᠪᠯᠡᠷᠡᠭᠦᠯᠦᠨ ᠬᠠᠳᠠᠭᠠᠯᠠᠬᠤ ᠳᠤ ᠣᠷᠣᠯᠴᠠᠬᠤ ᠶᠢ ᠵᠣᠷᠢᠭᠵᠢᠭᠤᠯᠵᠤ᠂ ︽ᠲᠠᠷᠠᠬᠠᠶ ᠪᠤᠲᠠᠷᠬᠠᠶ ᠪᠠᠷ ᠠᠮᠤ ᠪᠤᠳᠠᠭ᠎ᠠ ᠨᠥᠭᠡᠴᠡᠯᠡᠬᠦ︾ ᠶᠢ ︽ᠠᠮᠤ ᠪᠤᠳᠠᠭ᠎ᠠ ᠶᠢ ᠲᠥᠪᠯᠡᠷᠡᠭᠦᠯᠦᠨ ᠨᠥᠭᠡᠴᠡᠯᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠵᠡᠢ᠃ ᠡᠭᠦᠨ ᠤ ᠬᠠᠮᠲᠤ᠂ ᠬᠦᠷᠢᠶ᠎ᠡ ᠬᠠᠰᠢᠶ᠎ᠠ ᠶᠢᠨ ᠪᠣᠰᠤᠭ᠎ᠠ ᠴᠣᠭᠴᠠᠲᠤ ᠠᠮᠤ ᠪᠤᠳᠠᠭ᠎ᠠ ᠨᠥᠭᠡᠴᠡᠯᠡᠬᠦ ᠠᠷᠭ᠎ᠠ ᠶᠢ ᠳᠡᠯᠭᠡᠷᠡᠭᠦᠯᠵᠦ᠂ ᠲᠠᠷᠢᠶᠠᠴᠢᠨ ᠡᠷᠦᠬᠡ ᠶᠢ ᠵᠢᠯᠣᠭᠤᠳᠤᠨ ᠥᠪᠡᠷ ᠤᠨ ᠥᠷᠲᠡᠭ ᠢᠶᠠᠷ ᠳᠣᠤᠷ᠎ᠠ᠂ ᠬᠡᠷᠡᠭᠯᠡᠬᠦ ᠳᠤ ᠬᠢᠯᠪᠠᠷ᠂ ᠦᠷ᠎ᠡ ᠪᠦᠲᠦᠮᠵᠢ ᠪᠠᠷ ᠰᠠᠶᠢᠨ ᠠᠮᠤ ᠪᠤᠳᠠᠭ᠎ᠠ ᠨᠥᠭᠡᠴᠡᠯᠡᠬᠦ ᠲᠦᠬᠦᠭᠡᠷᠦᠮᠵᠢ ᠶᠢ ᠪᠠᠶᠢᠭᠤᠯᠵᠤ᠂ ᠭᠠᠵᠠᠷ ᠠᠴᠠ ᠰᠠᠯᠭᠠᠨ ᠰᠠᠯᠬᠢ ᠨᠡᠪᠲᠡᠷᠡᠭᠦᠯᠦᠨ ᠠᠮᠤ ᠪᠤᠳᠠᠭ᠎ᠠ ᠨᠥᠭᠡᠴᠡᠯᠡᠬᠦ ᠶᠢ ᠪᠡᠶᠡᠯᠡᠭᠦᠯᠵᠠᠢ᠃ ᠦᠢᠯᠠᠭᠠᠭᠰᠠᠨ ᠢᠶᠠᠷ᠂ ᠤᠳᠤᠬᠠᠨ ᠪᠤᠯᠳᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠲᠥᠪᠯᠡᠷᠡᠭᠦᠯᠦᠨ ᠠᠮᠤ ᠪᠤᠳᠠᠭ᠎ᠠ ᠬᠠᠳᠠᠭᠠᠯᠠᠬᠤ ᠴᠡᠭ 88 ᠭᠠᠷᠭᠠᠵᠤ᠂ 11.3 ᠲᠦᠮᠡᠨ ᠪᠣᠰᠤᠭ᠎ᠠ ᠳᠥᠷᠪᠡᠯᠵᠢᠨ ᠮᠧᠲᠷ ᠠᠮᠤ ᠪᠤᠳᠠᠭ᠎ᠠ ᠬᠠᠳᠠᠭᠠᠯᠠᠬᠤ ᠲᠦᠬᠦᠭᠡᠷᠦᠮᠵᠢ ᠶᠢ ᠪᠠᠶᠢᠭᠤᠯᠤᠨ᠂  8.9 ᠲᠦᠮᠡᠨ ᠲᠣᠨ ᠠᠮᠤ ᠪᠤᠳᠠᠭ᠎ᠠ ᠨᠥᠭᠡᠴᠡᠯᠡᠵᠦ᠂ 18 ᠲᠦᠮᠡᠨ ᠲᠣᠨ ᠠᠮᠤ ᠪᠤᠳᠠᠭ᠎ᠠ ᠶᠢ ᠰᠢᠭᠤᠳ ᠬᠤᠷᠢᠶᠠᠵᠤ᠂ 14.4 ᠲᠦᠮᠡᠨ ᠲᠣᠨ ᠪᠤᠷᠤᠯᠠᠭᠤᠯᠤᠨ ᠬᠥᠮᠥᠷᠭᠡ ᠳᠤ ᠤᠷᠤᠭᠤᠯᠵᠤ᠂ ᠨᠡᠶᠢᠲᠡ 41.3 ᠲᠦᠮᠡᠨ ᠲᠣᠨ ᠠᠮᠤ ᠪᠤᠳᠠᠭ᠎ᠠ ᠨᠥᠭᠡᠴᠡᠯᠡᠬᠦ ᠶᠢ ᠪᠡᠶᠡᠯᠡᠭᠦᠯᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号