ᠲᠠᠷᠢᠶᠠᠨ ᠭᠠᠵᠠᠷ ᠢᠶᠠᠨ ᠨᠠᠶᠢᠳᠠᠨ ᠬᠠᠮᠢᠶᠠᠷᠤᠭᠤᠯᠵᠤ ᠤᠷᠤᠯᠭ᠎ᠠ ᠪᠠᠨ ᠨᠡᠮᠡᠭᠳᠡᠬᠦᠯᠤᠯ᠎ᠠ
ᠨᠡᠶᠢᠲᠡᠯᠡᠭᠰᠡᠨ ᠴᠠᠭ᠄
2024/12/6
      ︽ᠵᠸᠥ ᠳ᠋ᠢᠶᠠᠨ ᠷᠥᠩ ᠤᠨ ᠬᠢᠨ ᠲᠠᠷᠢᠶᠠᠨ ᠭᠠᠵᠠᠷ ᠢᠶᠠᠨ ᠬᠤᠪᠢ ᠤᠷᠤᠭᠤᠯᠤᠭᠰᠠᠨ ᠠᠰᠢᠭ ᠬᠤᠪᠢᠶᠠᠬᠤ ᠵᠤᠭᠤᠰ 36044 ᠲᠦᠬᠦᠷᠢᠭ︾ ︽ᠳ᠋ᠦᠩ ᠶᠢᠨ ᠴᠧᠩ ᠤᠨ ᠬᠢᠨ ᠲᠠᠷᠢᠶᠠᠨ ᠭᠠᠵᠠᠷ ᠢᠶᠠᠨ ᠬᠤᠪᠢ ᠤᠷᠤᠭᠤᠯᠤᠭᠰᠠᠨ ᠠᠰᠢᠭ ᠬᠤᠪᠢᠶᠠᠬᠰᠠᠠ ᠵᠤᠭᠤᠰ 61553 ᠲᠦᠬᠦᠷᠢᠭ︾ ︽ᠴᠠᠩ ᠯᠢ ᠰᠢ ᠶᠢᠨ ᠬᠢᠨ ᠲᠠᠷᠢᠶᠠᠨ ᠭᠠᠵᠠᠷ ᠢᠶᠠᠨ ᠬᠤᠪᠢ ᠤᠷᠤᠭᠤᠯᠤᠭᠰᠠᠨ ᠠᠰᠢᠭ ᠬᠤᠪᠢᠶᠠᠬᠤ ᠵᠤᠭᠤᠰ 15238 ᠲᠦᠬᠦᠷᠢᠭ︾ ᠁     ᠤᠶᠢᠷ᠎ᠠ ᠶᠢᠨ ᠡᠳᠤᠷ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠰᠤᠯᠤᠨ ᠪᠠᠯᠭᠠᠰᠤᠨ ᠤ ᠰᠤᠭᠤᠨᠳᠠᠢ ᠭᠠᠴᠠᠭᠠᠨ ᠳᠤ ᠭᠠᠴᠠᠭᠠᠨ ᠤ ᠠᠷᠠᠳ ᠪᠠᠶᠠᠷ ᠤᠨ ᠮᠦᠰᠢᠶᠡᠳᠤ ᠲᠤᠳᠤᠷᠠᠭᠤᠯᠤᠨ ᠲᠠᠷᠢᠶᠠᠨ ᠭᠠᠵᠠᠷ ᠢᠶᠠᠨ ᠬᠤᠪᠢ ᠤᠷᠤᠭᠤᠯᠤᠭᠰᠠᠨ ᠠᠰᠢᠭ ᠬᠤᠪᠢᠶᠠᠬᠤ ᠨᠠᠷᠢᠨ ᠲᠠᠩᠰᠠᠨ ᠳᠤ ᠦᠪᠠᠷ ᠤᠨ ᠨᠡᠷ᠎ᠠ ᠪᠠᠨ ᠪᠢᠴᠢᠭᠡᠳ᠂ ᠲᠠᠷᠢᠶᠠᠨ ᠭᠠᠵᠠᠷ ᠤᠨ ᠬᠤᠪᠢ ᠤᠷᠤᠭᠤᠯᠤᠭᠰᠠᠨ ᠠᠰᠢᠭ ᠬᠤᠪᠢᠶᠠᠬᠤ ᠵᠤᠭᠤᠰ ᠢᠶᠠᠨ ᠭᠠᠷᠳᠠᠨ᠎ᠠ᠃    ︽ᠦᠨᠤᠳᠤᠷ ᠪᠢ 55000 ᠭᠠᠷᠤᠢ ᠲᠦᠬᠦᠷᠢᠭ ᠤᠨ ᠠᠰᠢᠭ ᠬᠤᠪᠢᠶᠠᠨ ᠤᠯᠵᠤ᠂ ᠦᠪᠠᠷ ᠢᠶᠠᠨ ᠲᠠᠷᠢᠶ᠎ᠠ ᠲᠠᠷᠢᠭᠰᠠᠨ ᠠᠴᠠ ᠢᠯᠡᠬᠦᠤ ᠤᠷᠤᠯᠭ᠎ᠠ ᠲᠠᠢ ᠪᠤᠯᠤᠭᠰᠠᠨ ᠲᠡᠳᠦᠢ ᠦᠬᠡᠢ ᠮᠠᠨ ᠤ ᠡᠷ᠎ᠠ ᠡᠮ᠎ᠠ ᠬᠤᠶᠠᠭᠤᠯᠠ ᠪᠠᠨ ᠬᠦᠯᠤᠰᠤᠨ ᠠᠵᠢᠯ ᠬᠢᠭᠡᠳ ᠪᠠᠰᠠ 4 ᠲᠦᠮᠠ ᠭᠠᠷᠤᠢ ᠲᠦᠬᠦᠷᠢᠭ ᠤᠯᠵᠤ᠂ ᠭᠡᠷ ᠪᠦᠯᠢ ᠶᠢᠨ ᠤᠷᠤᠯᠭ᠎ᠠ ᠵᠢᠯ ᠠᠴᠠ ᠵᠢᠯ ᠨᠡᠮᠡᠭᠳᠡᠯ᠎ᠠ︾ ᠭᠡᠵᠤ ᠰᠤᠭᠤᠨᠳᠠᠢ ᠭᠠᠴᠠᠭᠠᠨ ᠤ ᠠᠷᠠᠳ ᠴᠠᠩ ᠾᠧ ᠪᠠᠶᠠᠷᠳᠠᠢ ᠶᠠᠷᠢᠨ᠎ᠠ᠃    2024 ᠤᠨ ᠳᠤ᠂ ᠰᠤᠭᠤᠨᠳᠠᠢ ᠭᠠᠴᠠᠭ᠎ᠠ ᠶᠢᠨ 80 ᠭᠠᠷᠤᠢ ᠡᠷᠤᠬᠡ ᠭᠠᠴᠠᠭᠠᠨ ᠤ ᠠᠷᠠᠳ 4130 ᠮᠤ᠋ ᠲᠠᠷᠢᠶᠠᠨ ᠭᠠᠵᠠᠷ ᠢᠶᠠᠨ ᠬᠤᠪᠢ ᠤᠷᠤᠭᠤᠯᠬᠤ ᠬᠡᠯᠪᠡᠷᠢ ᠪᠠᠷ ᠬᠠᠷᠠᠮᠦ᠋ᠷᠠᠨ ᠮᠤᠵᠢ ᠶᠢᠨ ᠨᠧ ᠮᠥᠸᠧ ᠡᠯ ᠲᠠᠷᠢᠶᠠᠯᠠᠩ ᠤᠨ ᠬᠦᠭᠵᠢᠬᠦᠯᠤᠯᠳᠠ ᠶᠢᠨ ᠬᠢᠵᠠᠭᠠᠷᠳᠤ ᠺᠤᠮᠫᠠᠨᠢ ᠳᠤ ᠨᠠᠶᠢᠳᠠᠨ ᠬᠠᠮᠢᠶᠠᠷᠤᠭᠤᠯᠤᠨ ᠡᠵᠡᠩᠨᠡᠬᠦᠯᠵᠤ᠂ ᠨᠢᠭᠡᠳᠤᠯᠳᠠᠢ ᠪᠠᠷ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ᠂ ᠪᠤᠷᠤᠯᠠᠭᠤᠯᠬᠤ ᠠᠵᠢᠯ ᠢ ᠬᠦᠢᠴᠡᠳᠭᠡᠯ᠎ᠠ᠃ ᠭᠠᠴᠠᠭᠠᠨ ᠤ ᠠᠷᠠᠳ ᠤᠨ ᠲᠠᠷᠢᠶᠠᠨ ᠭᠠᠵᠠᠷ ᠢᠶᠠᠨ ᠠᠵᠦ ᠠᠬᠤᠶᠢᠯᠠᠯ ᠳᠤ ᠬᠤᠪᠢ ᠤᠷᠤᠭᠤᠯᠵᠦ ᠠᠰᠢᠭ ᠬᠤᠪᠢᠶᠠᠵᠤ ᠤᠯᠤᠭᠰᠠᠨ ᠮᠦᠩᠬᠦ ᠨᠢ 130 ᠲᠦᠮᠡᠨ ᠲᠦᠬᠦᠷᠢᠭ ᠲᠤ ᠬᠦᠷᠴᠤ᠂ ᠪᠦᠬᠦ ᠠᠰᠢᠭ ᠬᠤᠪᠢᠶᠠᠬᠤ ᠵᠤᠭᠤᠰ ᠤᠨ 50% ᠶᠢ ᠡᠵᠡᠯᠡᠨ᠂ ᠦᠯᠡᠳᠡᠭᠰᠡᠨ 50% ᠶᠢᠨ ᠠᠰᠢᠭ ᠬᠤᠪᠢᠶᠠᠬᠤ ᠵᠤᠭᠤᠰ ᠤᠨ 30% ᠶᠢ ᠨᠢ ᠲᠠᠷᠢᠵᠤ ᠤᠷᠭᠤᠭᠤᠯᠬᠤ ᠳᠤ ᠬᠡᠷᠡᠭᠯᠡᠨ᠂ 20% ᠶᠢ ᠨᠢ ᠬᠦᠳᠡᠭᠡ ᠲᠤᠰᠬᠤᠨ ᠤ ᠬᠠᠮᠳᠤ ᠨᠡᠶᠢᠳᠠ ᠶᠢᠨ ᠠᠵᠤ ᠠᠬᠤᠢ ᠶᠢ ᠬᠦᠭᠵᠢᠬᠦᠯᠬᠦ ᠳᠤ ᠵᠠᠷᠤᠴᠠᠭᠤᠯᠵᠠᠢ᠃ ︽ᠡᠶᠢᠮᠤᠷᠬᠦᠥ ︿ᠠᠵᠤ ᠠᠬᠤᠶᠢᠯᠠᠯ + ᠬᠠᠮᠳᠤ ᠨᠡᠶᠢᠳᠠ + ᠲᠠᠷᠢᠶᠠᠴᠢᠨ ᠡᠷᠤᠬᠡ﹀ ᠶᠢᠨ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠨᠢ ᠭᠠᠴᠠᠭᠠᠨ ᠤ ᠠᠷᠠᠳ ᠤᠨ ᠦᠢᠯᠡᠳᠪᠦᠷᠢᠯᠡᠯ ᠤᠨ ᠬᠦᠴᠦᠨ ᠢ ᠴᠢᠯᠤᠭᠡᠯᠡᠭᠰᠡᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠪᠠᠶᠠᠵᠢᠯ ᠤᠨ ᠵᠠᠮ ᠢ ᠨᠢ ᠦᠷᠭᠡᠳᠭᠡᠨ᠂ ᠭᠠᠴᠠᠭᠠᠨ ᠤ ᠬᠠᠮᠳᠤ ᠨᠡᠶᠢᠳᠠ ᠶᠢᠨ ᠠᠵᠤ ᠠᠬᠤᠢ ᠶᠢᠨ ᠲᠠᠰᠤᠷᠠᠯᠳᠠ ᠦᠭᠡᠢ ᠬᠦᠭᠵᠢᠨ ᠪᠤᠵᠠᠭᠠᠶᠢᠷᠠᠭᠤᠯᠬᠤ ᠶᠢ ᠠᠬᠢᠭᠤᠯᠪᠠ︾ ᠭᠡᠵᠤ ᠰᠤᠭᠤᠨᠳᠠᠢ ᠭᠠᠴᠠᠭᠠᠨ ᠤ ᠨᠠᠮ ᠤᠨ ᠡᠬᠦᠷ ᠤᠨ ᠱᠦᠵᠢ ᠵᠦ ᠳ᠋ᠧ ᠴᠧᠩ ᠲᠠᠨᠢᠯᠴᠠᠭᠤᠯᠤᠨ᠎ᠠ᠃     ᠡᠮᠤᠨᠡᠳᠤ ᠬᠤᠰᠢᠭᠤᠨ ᠤ ᠡᠷᠬᠢᠳᠤ ᠪᠠᠯᠭᠠᠰᠤᠨ ᠤ ᠬᠤᠳᠠ ᠶᠢᠨ ᠵᠢᠯᠠᠭ᠎ᠠ ᠭᠠᠴᠠᠭᠠᠨ ᠤ 1158 ᠨᠡᠷᠡᠰ ᠲᠠᠷᠢᠶᠠᠴᠢᠨ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠪᠠᠨ ᠰᠢᠯᠵᠢᠬᠦᠯᠵᠦ ᠨᠡᠶᠢᠳᠡᠨ ᠬᠠᠮᠢᠶᠠᠷᠤᠭᠤᠯᠤᠭᠠᠳ 46.5 ᠲᠦᠮᠡᠨ ᠲᠦᠬᠦᠷᠢᠭ ᠤᠨ ᠤᠷᠤᠯᠭ᠎ᠠ ᠤᠯᠤᠭᠰᠠᠨ ᠢᠶᠠᠷ ᠪᠠᠷᠠᠬᠤ ᠦᠬᠡᠢ ᠲᠡᠬᠡᠷ᠎ᠡ ᠨᠢ ᠪᠠᠰᠠ ᠲᠠᠷᠢᠶᠠᠨ ᠭᠠᠵᠠᠷ ᠢᠶᠠᠨ ᠬᠤᠪᠢ ᠤᠷᠤᠭᠤᠯᠤᠭᠰᠠᠨ ᠠᠰᠢᠭ ᠤᠨ ᠮᠦᠡᠭᠬᠦ ᠬᠡᠵᠦ 46.32 ᠲᠦᠮᠡᠨ ᠲᠦᠬᠦᠷᠢᠭ ᠤᠨ ᠵᠤᠭᠤᠰ ᠬᠤᠪᠢᠶᠠᠵᠦ ᠤᠯᠪᠠ᠃ ᠭᠠᠴᠠᠭᠠᠨ ᠤ ᠠᠷᠠᠳ ᠴᠧᠨ ᠯᠢᠶᠠᠨ ᠴᠢᠩ᠄ ︽ᠭᠠᠵᠠᠷ ᠰᠢᠷᠤᠢ ᠪᠠᠨ ᠨᠠᠶᠢᠳᠠᠨ ᠬᠠᠮᠢᠶᠠᠷᠤᠭᠤᠯᠵᠦ᠂ ᠤᠷᠤᠯᠭ᠎ᠠ ᠪᠠᠨ ᠲᠤᠭᠳᠠᠪᠤᠷᠢᠳᠠᠢ ᠪᠤᠯᠭᠠᠭᠰᠠᠨ ᠢᠶᠠᠷ ᠪᠠᠷᠠᠬᠤ ᠦᠬᠡᠢ ᠪᠠᠰᠠ ᠰᠤᠯᠠ ᠠᠵᠢᠯ ᠬᠢᠵᠦ ᠤᠷᠤᠯᠭ᠎ᠠ ᠪᠠᠨ ᠨᠡᠮᠡᠭᠳᠡᠬᠦᠯᠵᠦ ᠲᠠᠶᠢᠯᠬᠦ ᠪᠤᠯᠪᠠ︾ ᠭᠡᠪᠡ᠃ ︽ᠤᠳᠤ ᠮᠢᠨᠤ ᠨᠠᠰᠤ ᠠᠬᠢᠵᠤ᠂ ᠲᠠᠷᠢᠶ᠎ᠠ ᠲᠠᠷᠢᠵᠤ ᠲᠡᠶᠢᠯᠬᠦ ᠦᠭᠡᠢ ᠪᠤᠯᠵᠠᠢ᠂ ᠲᠠᠷᠢᠶᠠᠨ ᠭᠠᠵᠠᠷ ᠢᠶᠠᠨ ᠨᠠᠶᠢᠳᠠᠨ ᠬᠠᠮᠢᠶᠠᠷᠤᠭᠤᠯᠤᠭᠰᠠᠨ ᠤ ᠲᠠᠷᠠᠭ᠎ᠠ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠵᠤ᠂ ᠶᠠᠳᠠᠬᠤ ᠦᠭᠡᠢ ᠮᠦᠷᠳᠡᠬᠡᠨ ᠤᠷᠤᠯᠭ᠎ᠠ ᠪᠠᠨ ᠨᠡᠮᠡᠭᠳᠡᠬᠦᠯᠵᠤ ᠴᠢᠳᠠᠯ᠎ᠠ︾ ᠭᠡᠵᠤ ᠪᠠᠢ ᠱᠤᠸᠠᠩ ᠰᠢ ᠶᠠᠷᠢᠨ᠎ᠠ᠃     ᠡᠮᠤᠨᠡᠳᠤ ᠬᠤᠰᠢᠭᠤᠨ ᠤ ᠾᠧ ᠱᠦᠨ ᠹᠠ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠳᠠᠨ ᠯᠢ ᠴᠠᠩ ᠴᠢᠩ ᠲᠠᠷᠢᠶᠠᠨ ᠭᠠᠵᠠᠷ ᠢᠶᠠᠨ ᠨᠠᠶᠢᠳᠠᠨ ᠬᠠᠮᠢᠶᠠᠷᠤᠭᠤᠯᠬᠤ ᠶᠢᠨ ᠡᠮᠤᠨ᠎ᠠ ᠬᠤᠶᠢᠨᠠᠬᠢ ᠡᠵᠡᠩᠨᠡᠯᠳᠠ ᠶᠢᠨ ᠬᠡᠯᠪᠡᠷᠢ ᠶᠢ ᠠᠳᠠᠯᠢᠳᠬᠠᠬᠤ ᠳᠠᠭᠠᠨ᠄ ︽ᠮᠢᠨᠤ ᠬᠠᠷᠢᠭᠤᠴᠠᠵᠤ ᠪᠠᠶᠢᠭᠰᠠᠨ ᠤᠷᠤᠯᠠᠨ ᠲᠠᠷᠢᠵᠤ ᠤᠷᠭᠤᠭᠤᠯᠤᠭᠰᠠᠨ 2000 ᠮᠤ᠋ ᠲᠠᠷᠢᠶᠠᠨ ᠭᠠᠵᠠᠷ ᠢ ᠤᠤᠯ ᠳᠠᠭᠠᠨ ᠪᠠᠷᠤᠭ 23 ᠡᠷᠤᠬᠡ ᠡᠵᠡᠩᠨᠡᠵᠤ ᠪᠠᠶᠢᠵᠠᠢ᠂ ᠡᠷᠤᠬᠡ ᠪᠦᠷᠢ 100 ᠭᠠᠷᠤᠢ ᠮᠤ᠋ ᠲᠠᠷᠢᠶ᠎ᠠ ᠲᠠᠷᠢᠵᠦ ᠪᠠᠶᠢᠪᠠ᠃ ᠲᠠᠷᠢᠶᠠᠨ ᠭᠠᠵᠠᠷ ᠢᠶᠠᠨ ᠤᠷᠤᠯᠠᠨ ᠲᠠᠷᠢᠵᠤ ᠤᠷᠭᠤᠭᠤᠯᠤᠭᠰᠠᠨ ᠤ ᠲᠠᠷᠠᠭ᠎ᠠ᠂ 2000 ᠮᠤ᠋ ᠲᠠᠷᠢᠶᠠᠨ ᠭᠠᠵᠠᠷ ᠢ 5 ᠬᠦᠮᠤᠨ ᠲᠠᠷᠢᠵᠤ᠂ ᠪᠤᠰᠤᠳ ᠬᠦᠳᠡᠯᠮᠦᠷᠢ ᠬᠦᠴᠦ ᠨᠢ ᠭᠠᠳᠠᠨ᠎ᠠ ᠭᠠᠷᠴᠤ ᠬᠦᠯᠤᠰᠤᠨ ᠠᠵᠢᠯ ᠬᠢᠬᠦ᠂ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠪᠤᠶᠤ ᠠᠷᠠᠯᠵᠢᠶ᠎ᠠ ᠡᠵᠡᠩᠨᠡᠨ ᠤᠷᠤᠯᠭ᠎ᠠ ᠪᠠᠨ ᠨᠡᠮᠡᠭᠳᠡᠬᠦᠯᠵᠤ ᠪᠤᠢ︾ ᠭᠡᠪᠠ᠃ ᠡᠶᠢᠮᠤᠷᠬᠦᠥ ᠡᠵᠡᠩᠨᠡᠯᠳᠠ ᠶᠢᠨ ᠬᠡᠯᠪᠡᠷᠢ ᠨᠢ ᠭᠠᠵᠠᠷ ᠰᠢᠷᠤᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠥᠭᠰᠡᠨ ᠢᠶᠠᠷ ᠪᠠᠷᠠᠬᠤ ᠦᠭᠡᠢ ᠲᠠᠷᠢᠶᠠᠴᠢᠨ ᠡᠷᠤᠬᠡ ᠶᠢᠨ ᠤᠷᠤᠯᠭ᠎ᠠ ᠪᠠᠨ ᠨᠡᠮᠡᠭᠳᠡᠬᠦᠯᠬᠦ ᠰᠠᠭᠤᠷᠢ ᠶᠢ ᠪᠠᠳᠤᠳᠬᠠᠨ᠂ ᠬᠠᠮᠳᠤ ᠪᠠᠷ ᠠᠰᠢᠭ ᠬᠦᠷᠳᠡᠵᠤ ᠬᠠᠮᠳᠤ ᠪᠠᠷ ᠪᠠᠶᠠᠵᠢᠬᠤ ᠰᠢᠨ᠎ᠡ ᠪᠠᠶᠢᠳᠠᠯ ᠢ ᠡᠬᠦᠳᠪᠠ᠃ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠶᠢ ᠨᠠᠶᠢᠳᠠᠨ ᠬᠠᠮᠢᠶᠠᠷᠤᠭᠤᠯᠬᠤ ᠨᠢ ᠲᠠᠷᠢᠶᠠᠴᠢᠨ ᠡᠷᠤᠬᠡ ᠶᠢᠨ ᠤᠤᠯ ᠤᠨ ᠲᠠᠷᠠᠬᠠᠢ ᠪᠤᠳᠠᠷᠬᠠᠢ ᠪᠠᠷ ᠲᠠᠷᠢᠶ᠎ᠠ ᠲᠠᠷᠢᠬᠤ᠂ ᠲᠦᠷᠤᠯ ᠵᠦᠢᠯ ᠨᠢ ᠠᠳᠠᠯᠢ ᠪᠤᠰᠤ᠂ ᠲᠠᠷᠢᠶᠠᠨ ᠭᠠᠵᠠᠷ ᠤᠨ ᠬᠠᠮᠢᠶᠠᠷᠤᠯᠳᠠ ᠶᠢᠨ ᠬᠢᠷᠢ ᠲᠦᠪᠰᠢᠨ ᠲᠤᠤᠷ᠎ᠠ ᠪᠠᠶᠢᠭᠰᠠᠨ ᠪᠠᠶᠢᠳᠠᠯ ᠢ ᠬᠤᠪᠢᠷᠠᠭᠤᠯᠵᠤ᠂ ︽ᠬᠡᠨ ᠲᠠᠷᠢᠶ᠎ᠠ ᠲᠠᠷᠢᠬᠤ᠂ ᠬᠡᠷᠬᠢᠨ ᠲᠠᠷᠢᠶ᠎ᠠ ᠲᠠᠷᠢᠬᠤ︾ ᠬᠦᠴᠢᠷᠳᠠᠯ ᠢ ᠰᠶᠢᠳᠪᠤᠷᠢᠯᠡᠪᠡ᠃    ᠤᠳᠤᠬᠠᠨ ᠳᠤ᠂ ᠡᠮᠤᠨᠡᠳᠤ ᠬᠤᠰᠢᠭᠤᠨ ᠳᠤ 465 ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠨᠢ 3.3 ᠲᠦᠮᠡᠨ ᠲᠠᠷᠢᠶᠠᠴᠢᠨ ᠡᠷᠤᠬᠡ ᠶᠢᠨ 420 ᠲᠦᠮᠡᠨ ᠮᠤ᠋ ᠲᠠᠷᠢᠶᠠᠨ ᠭᠠᠵᠠᠷ ᠲᠤ ᠨᠠᠶᠢᠳᠠᠨ ᠬᠠᠮᠢᠶᠠᠷᠬᠤ ᠦᠢᠯᠡᠴᠢᠯᠡᠭᠡ ᠬᠠᠩᠭᠠᠵᠤ ᠪᠤᠢ᠃ ᠡᠬᠦᠨ ᠳᠤ᠂ ᠲᠠᠷᠢᠶᠠᠴᠢᠨ ᠡᠷᠦᠬᠡ ᠠᠴᠠ ᠲᠠᠷᠢᠶᠠᠨ ᠭᠠᠵᠠᠷ ᠢᠶᠠᠨ ︽ᠬᠠᠭᠠᠯᠪᠤᠷᠢᠯᠠᠬᠤ᠂ ᠲᠠᠷᠢᠬᠤ᠂ ᠭᠠᠢ ᠭᠠᠮᠰᠢᠬ ᠢ ᠰᠡᠷᠭᠡᠶᠢᠯᠡᠬᠦ᠂ ᠬᠤᠷᠢᠶᠠᠬᠤ᠂ ᠪᠤᠯᠪᠠᠰᠤᠷᠠᠭᠤᠯᠬᠤ︾ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠪᠦᠬᠦ ᠶᠠᠪᠤᠴᠠ ᠶᠢ ᠨᠠᠶᠢᠳᠠ ᠬᠠᠮᠢᠶᠠᠷᠤᠭᠤᠯᠵᠤ ᠪᠤᠯᠬᠤ ᠪᠦᠬᠡᠳ ᠪᠠᠰᠠ ᠨᠢᠭᠡ ᠭᠤᠴᠤᠭ᠎ᠠ᠂ ᠤᠯᠠᠨ ᠭᠤᠭᠴᠤᠭ᠎ᠠ᠂ ᠵᠠᠩᠬᠢᠯᠠᠭ᠎ᠠ ᠶᠢᠨ ᠭᠤᠭᠴᠤᠭ᠎ᠠ ᠶᠢ ᠰᠤᠩᠭᠤᠨ ᠨᠠᠶᠢᠳᠠᠨ ᠬᠠᠮᠢᠶᠠᠷᠤᠭᠤᠯᠵᠦ ᠪᠤᠯᠤᠨ᠎ᠠ᠃ ᠡᠶᠢᠮᠤᠷᠬᠦᠥ ᠨᠠᠶᠢᠳᠠᠨ ᠬᠠᠮᠢᠶᠠᠷᠬᠤ ᠦᠢᠯᠡᠴᠢᠯᠡᠭᠡ ᠨᠢ ᠲᠠᠷᠢᠶᠠᠯᠠᠩ ᠦᠢᠯᠡᠳᠪᠦᠷᠢᠯᠡᠯ ᠤᠨ ᠦᠪᠠᠷ ᠤᠨ ᠦᠷᠳᠡᠭ ᠢ ᠪᠠᠭᠤᠷᠠᠭᠤᠯᠤᠬᠰᠠᠨ ᠲᠡᠳᠦᠢ ᠦᠬᠡᠢ ᠦᠷ᠎ᠠ ᠠᠰᠢᠭ ᠢ ᠴᠤ ᠨᠡᠮᠡᠭᠳᠡᠬᠦᠯᠬᠦ ᠶᠢ ᠪᠡᠶᠡᠯᠡᠬᠦᠯᠵᠤ ᠴᠢᠳᠠᠯ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号