ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠯᠤᠭ᠎ᠠ ᠬᠤᠯᠪᠣᠭᠳᠠᠨ᠎ᠠ︕ ᠡᠨᠡ ᠬᠦ ᠶᠠᠪᠤᠳᠠᠯ ᠢ ᠲᠣᠰ ᠰᠠᠷ᠎ᠠ ᠶᠢᠨ ᠳᠣᠲᠣᠷ᠎ᠠ ᠭᠦᠢᠴᠡᠳᠬᠡᠭᠡᠷᠡᠢ
ᠨᠡᠶᠢᠲᠡᠯᠡᠭᠰᠡᠨ ᠴᠠᠭ᠄
2024/12/6
     ᠠᠩᠬᠠᠷ     2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠬᠤ ᠠᠵᠢᠯ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠪᠡ᠃     ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP ᠢᠶᠠᠷ 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠵᠤ ᠪᠣᠯᠤᠨ᠎ᠠ᠃     ᠡᠷᠬᠡᠪᠰᠢ ᠲᠤᠰ ᠰᠠᠷ᠎ᠠ ᠳᠤ ᠭᠦᠢᠴᠡᠳᠬᠡᠭᠡᠷᠡᠢ     ᠪᠣᠳᠠᠲᠠᠢ ᠠᠯᠬᠤᠮ ᠨᠢ ᠳᠣᠣᠷᠠᠬᠢ ᠮᠡᠲᠦ     ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ︵个人所得税App︶ ᠢ ᠨᠡᠭᠡᠭᠡᠵᠦ᠂ ︽ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠶᠢ ᠲᠠᠭᠯᠠᠨ ᠮᠡᠳᠡᠭᠦᠯᠬᠦ︾ ︵专项附加扣除填报︶ ᠬᠡᠰᠡᠭ ᠢ ᠳᠠᠷᠤᠭᠠᠷᠠᠢ
11.jpg
22.jpg
33.jpg
     ᠰᠠᠨᠠᠭᠤᠯᠤᠮᠵᠢ᠄     ᠭᠠᠶᠢᠯᠢ ᠲᠤᠰᠢᠶᠠᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠶᠢᠨ ᠠᠭᠤᠯᠭ᠎ᠠ ᠪᠠᠨ ᠨᠤᠲᠠᠯᠠᠨ᠎ᠠ᠃     ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠲᠥᠷᠥᠯ ᠵᠦᠢᠯ ᠳᠤ ᠦᠷ᠎ᠡ ᠬᠡᠤᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢᠶᠠᠨ ᠠᠰᠠᠷᠠᠨ ᠲᠡᠵᠢᠭᠡᠬᠦ᠂ ᠨᠢᠯᠬ᠎ᠠ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠯᠤᠭᠠᠨ ᠵᠦᠢᠯ ᠪᠠᠭᠲᠠᠨ᠎ᠠ᠃     ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ App ᠢ ᠪᠠᠭᠤᠯᠭᠠᠵᠤ ᠠᠪᠤᠭᠠᠳ ᠵᠠᠰᠠᠵᠤ᠂ ᠨᠤᠲᠠᠯᠠᠵᠤ ᠪᠣᠯᠤᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号