| 12 ᠰᠠᠷ᠎ᠠ ᠶᠢᠨ 4 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠶᠢᠨ | ᠲᠠᠯᠠᠪᠠᠢ ᠶᠢᠨ ᠲᠣᠭᠤᠷᠢᠨ ᠦᠵᠡᠬᠦ ᠪᠤᠯᠪᠠᠰᠤᠷᠠᠯ ᠤᠨ ᠬᠤᠷᠠᠯ ᠬᠤᠷᠴᠢᠨ ᠪᠠᠯᠭᠠᠰᠤ ᠶᠢᠨ ᠬᠤᠨᠠᠨ ᠲᠣᠰᠬᠤᠨ ᠳᠤ | ᠶᠠᠪᠤᠭᠳᠠᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠪᠣᠯᠪᠠᠰᠤᠷᠠᠯ ᠤᠨ ᠬᠤᠷᠠᠯ ᠳᠤ ᠣᠷᠣᠯᠴᠠᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠲᠤᠯᠭᠠᠮ᠎ᠠ | ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠱᠠᠳᠤ ᠱᠠᠳᠤ ᠪᠠᠷ | ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠳᠤᠲᠠᠭᠤᠳᠠᠯ ᠪᠠᠭᠤᠷᠠᠢ ᠲᠠᠯ᠎ᠠ ᠪᠠᠨ | ᠨᠥᠬᠦᠪᠥᠷᠢᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ ᠢᠶᠠᠷ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠤ | ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠦᠨᠡᠨ ᠬᠦ ᠬᠠᠯᠠᠮᠵᠢᠯᠠᠵᠤ᠂ ᠡᠷᠤᠭᠡ ᠪᠠᠷ ᠬᠦᠷᠴᠦ | ᠰᠤᠷᠪᠤᠯᠵᠢᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ | ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠰᠤ ᠤᠮᠳᠠ ᠶᠢᠨ ᠪᠣᠳᠠᠲᠠᠢ | ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠠᠷᠠᠳ ᠤᠯᠠᠨ ᠤ ᠮᠡᠳᠡᠷᠡᠮᠵᠢ ᠶᠢᠨ ᠬᠡᠮᠵᠢᠶ᠎ᠡ ᠪᠣᠯᠤᠨ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠪᠣᠯᠪᠠᠰᠤᠷᠠᠯ ᠳᠤ ᠣᠷᠣᠯᠴᠠᠭᠰᠠᠳ ᠰᠤᠷᠤᠯᠴᠠᠬᠤ | ᠠᠵᠠ ᠲᠣᠬᠢᠶᠠᠯ ᠢᠶᠠᠨ ᠨᠠᠨᠳᠢᠩᠨᠠᠵᠤ᠂ ᠴᠢᠳᠠᠪᠤᠷᠢ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ | ᠴᠢᠷᠮᠠᠶᠢᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠷᠴᠢᠨ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂ ᠬᠤᠷᠴᠢᠨ ᠪᠠᠯᠭᠠᠰᠤ ᠶᠢᠨ ᠬᠤᠨᠠᠨ | ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠠᠬᠢᠨ | ᠶᠠᠳᠠᠭᠤᠷᠠᠬᠤ ᠶᠢ ᠰᠡᠷᠭᠡᠶᠢᠯᠡᠨ ᠬᠢᠨᠠᠨ ᠪᠠᠶᠢᠴᠠᠭᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ᠂ ᠠᠵᠤ ᠦᠢᠯᠡᠰ ᠤᠨ ᠲᠦᠷᠦᠯ ᠵᠦᠢᠯ ᠢ ᠠᠬᠢᠭᠤᠯᠬᠤ᠂ ᠬᠥᠳᠡᠭᠡ ᠲᠣᠰᠬᠤᠨ ᠤ ᠪᠣᠯᠪᠠᠰᠤᠨ ᠢ | ᠵᠠᠰᠠᠬᠤ ᠵᠡᠷᠭᠡ ᠲᠠᠯ᠎ᠠ ᠶᠢᠨ ᠠᠵᠢᠯ ᠤᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠠᠢ᠃ | ᠬᠤᠰᠢᠭᠤᠨ ᠤ ᠤᠳᠤᠷᠢᠳᠤᠯᠭ᠎ᠠ ᠨᠢᠦ ᠶᠤᠸᠠᠨ᠂ ᠸᠠᠩ ᠮᠧᠩ᠂ ᠸᠠᠩ ᡁᠢ ᠪᠢᠶᠣᠤ ᠵᠢᠴᠢ ᠡᠯ᠎ᠡ ᠰᠤᠮᠤ ᠰᠢᠶᠠᠩ | ᠪᠠᠯᠭᠠᠰᠤᠨ ᠤ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠳᠤ ᠰᠠᠭᠤᠭ᠎ᠠ ᠬᠡᠰᠡᠭ ᠨᠢᠭᠡᠳᠦᠭᠡᠷ ᠱᠦᠵᠢ ᠨᠠᠷ | ᠪᠣᠯᠪᠠᠰᠤᠷᠠᠯ ᠤᠨ ᠬᠤᠷᠠᠯ ᠳᠤ ᠣᠷᠣᠯᠴᠠᠪᠠ᠃ |