2023 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ GDP ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ
ᠨᠡᠶᠢᠲᠡᠯᠡᠭᠰᠡᠨ ᠴᠠᠭ᠄
2024/2/1
   ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 134.9 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 76.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠵᠡᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 21.0 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 14.7% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 37.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号