ᠯᠢ ᠴᠢᠶᠠᠩ ᠸᠠᠩ ᠬᠤ᠋ ᠨᠢᠩ ᠼᠠᠢ ᠴᠢ ᠣᠷᠣᠯᠴᠠᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 2 | ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠭᠠᠵᠠᠷ ᠰᠢᠷᠣᠢ ᠶᠢᠨ | ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠠᠨᠠᠯ︾᠂ ︽ᠦᠨᠳᠦᠰᠦᠨ | ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ | ᠰᠠᠨᠠᠯ︾᠂ ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠳᠬᠡᠨ ᠪᠦᠷᠢᠯᠳᠦᠭᠦᠯᠬᠦ ᠲᠤᠬᠠᠢ | ᠰᠠᠨᠠᠯ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ | ᠳ᠋ᠦᠩᠨᠡᠯᠲᠡ ᠶᠢᠨ ᠮᠡᠳᠡᠭᠦᠯᠦᠯᠲᠡ︾ ᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | 2024 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠵᠠᠢ᠃ | ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠬᠤᠷᠸ᠎ᠠ ᠲᠦᠷᠦ ᠶᠢᠨ ᠪᠣᠳᠣᠯᠭ᠎ᠠ᠂ ᠣᠷᠣᠨ ᠪᠦᠰᠡ ᠶᠢᠨ ᠬᠥᠭᠵᠢᠯᠲᠡ ᠯᠦᠭᠡ | ᠨᠡᠩ ᠥᠨᠳᠥᠷ ᠪᠦᠲᠦᠮᠵᠢᠲᠡᠢ ᠵᠣᠯᠭᠠᠯᠴᠠᠬᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠭᠠᠵᠠᠷ ᠰᠢᠷᠣᠢ ᠶᠢᠨ ᠡᠯᠧᠮᠧᠨ᠋ᠲ ᠢ ᠲᠣᠬᠢᠷᠠᠭᠤᠯᠬᠤ ᠶᠢᠨ ᠣᠨᠣᠪᠴᠢᠲᠤ ᠴᠢᠨᠠᠷ ᠪᠠ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠬᠢᠵᠠᠭᠠᠷᠯᠠᠯ ᠪᠦᠲᠦᠮᠵᠢᠲᠡᠢ᠂ ᠤᠯᠤᠰ ᠤᠨ ᠨᠤᠲᠤᠭ | ᠳᠡᠪᠢᠰᠬᠡᠷ ᠤᠨ ᠨᠡᠭᠡᠭᠡᠨ ᠬᠥᠭᠵᠢᠭᠦᠯᠦᠯᠲᠡ ᠶᠢ ᠵᠣᠬᠢᠴᠠᠩᠭᠤᠢ ᠡᠮᠬᠢ ᠵᠢᠷᠤᠮ ᠲᠠᠢ ᠪᠤᠯᠭᠠᠬᠤ ᠣᠷᠣᠨ ᠵᠠᠢ ᠶᠢᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠭᠠᠵᠠᠷ ᠰᠢᠷᠣᠢ ᠶᠢᠨ ᠡᠯᠧᠮᠧᠨ᠋ᠲ ᠤᠨ ᠳᠠᠪᠠᠭᠤᠯᠢᠭ ᠭᠠᠵᠠᠷ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠪᠣᠯ ᠡᠬᠢ ᠪᠠᠶᠠᠯᠢᠭ ᠣᠷᠴᠢᠨ ᠲᠣᠭᠤᠷᠢᠨ ᠠᠮᠢ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ | ᠪᠣᠳᠣᠯᠭ᠎ᠠ ᠪᠣᠯᠣᠨ᠎ᠠ᠂ ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ᠂ | ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ᠂ ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ | ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ | ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠦᠴᠦᠨ ᠢ ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ | ᠬᠡᠯᠪᠡᠶᠢᠯᠭᠡᠬᠦ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠭᠠᠮᠰᠢᠭ ᠠᠳᠡᠯ ᠢ ᠴᠠᠭ ᠲᠤᠬᠠᠢ ᠳᠤᠨᠢ | ᠬᠦᠴᠦᠲᠡᠢ ᠪᠦᠲᠦᠮᠵᠢᠲᠡᠢ ᠰᠢᠢᠳᠪᠦᠷᠢᠯᠡᠵᠦ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠠᠬᠤᠢ ᠶᠢᠨ | ᠭᠦᠨᠵᠡᠭᠡᠢ ᠠᠭᠤᠰᠤᠯᠴᠠᠯ ᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠰᠢᠨ᠎ᠡ ᠶᠢ | ᠡᠭᠦᠳᠬᠦ ᠳᠤ ᠶᠠᠭᠤ ᠬᠢᠬᠦ᠂ ᠬᠡᠨ ᠰᠢᠨ᠎ᠡ ᠶᠢ ᠡᠭᠦᠳᠬᠦ ᠶᠢ ᠵᠣᠬᠢᠶᠠᠨ ᠪᠠᠶᠢᠭᠤᠯᠬᠤ᠂ ᠰᠢᠨ᠎ᠡ ᠶᠢ ᠡᠭᠦᠳᠬᠦ ᠶᠢ ᠬᠡᠷᠬᠢᠨ ᠳᠡᠮᠵᠢᠨ | ᠵᠣᠷᠢᠭᠵᠢᠭᠤᠯᠵᠤ ᠬᠠᠮᠠᠭᠠᠯᠠᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠰᠠᠭᠤᠷᠢ ᠳᠦᠷᠢᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ | ᠼᠠᠢ ᠴᠢ ᠬᠤᠷᠠᠯ ᠳᠤ ᠣᠷᠣᠯᠴᠠᠪᠠ᠃ ᠬᠤᠷᠠᠯ ᠠᠴᠠ᠂ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠰᠢᠭᠯᠠᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ | ᠭᠠᠵᠠᠷ ᠤᠨ ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ | ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢᠨ ᠨᠢᠭᠡᠴᠢ ᠶᠢ ᠨᠠᠷᠢᠯᠢᠭᠵᠢᠭᠤᠯᠵᠤ᠂ ᠡᠬᠢ ᠪᠠᠶᠠᠯᠢᠭ ᠢ | ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠳᠠᠪᠠᠭᠤᠯᠢᠭ ᠭᠠᠵᠠᠷ ᠣᠷᠣᠨ ᠤ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ | ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ | ᠬᠥᠭᠵᠢᠭᠦᠯᠬᠦ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠤᠴᠢᠷ ᠶᠠᠪᠤᠳᠠᠯ ᠤᠨ | ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠰᠦᠪᠡᠭᠴᠢᠯᠡᠯᠲᠡ ᠶᠢᠨ ᠴᠢᠨᠠᠷᠲᠠᠢ ᠪᠥᠭᠡᠳ ᠲᠤᠶᠢᠯ ᠤᠨ ᠪᠠᠴᠢᠮ ᠲᠤᠯᠭᠠᠮ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠭᠦᠨᠵᠡᠭᠡᠢ ᠰᠤᠳᠤᠯᠵᠤ᠂ ᠯᠠᠪᠳᠠᠭᠤᠨ ᠪᠣᠯᠭᠤᠮᠵᠢᠲᠠᠢ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ | ᠣᠷᠣᠨ ᠵᠠᠢ ᠶᠢᠨ ᠪᠠᠶᠢᠷᠢᠰᠢᠯ ᠢ ᠪᠠᠶᠢᠭᠤᠯᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠦᠲᠦᠴᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ | ᠪᠦᠷᠢᠯᠳᠦᠭᠦᠯᠬᠦ ᠬᠡᠷᠡᠭᠲᠡᠢ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠶᠢ ᠠᠬᠢᠭᠤᠯᠵᠤ᠂ ᠬᠡᠷᠡᠭᠯᠡᠭᠡ ᠶᠢᠨ ᠭᠡᠯᠪᠡᠷᠢ ᠶᠢ | ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠨᠠᠮ ᠤᠨ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠳᠠᠪᠠᠭᠤᠯᠢᠭ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ | ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠰᠠᠶᠢᠲᠤᠷ ᠵᠣᠯᠭᠠᠭᠤᠯᠵᠤ᠂ ᠶᠡᠭᠡ ᠠᠮᠤᠷ ᠲᠦᠪᠰᠢᠨ | ᠶᠡᠭᠡ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠦᠷᠢᠨᠰᠢᠭᠦᠯᠬᠦ ᠬᠡᠷᠡᠭᠲᠡᠢ᠃ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠭᠦ᠂ ᠴᠠᠭ ᠲᠤᠬᠠᠢ ᠳᠤᠨᠢ ᠰᠢᠢᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ | ᠪᠦᠷᠢᠯᠳᠦᠬᠦ ᠶᠢ ᠠᠬᠢᠭᠤᠯᠵᠤ᠂ ᠤᠷᠢᠳᠴᠢᠯᠠᠨ ᠰᠡᠷᠭᠡᠶᠢᠯᠡᠬᠦ᠂ ᠡᠷᠲᠡ ᠠᠴᠠ ᠢᠯᠡᠷᠡᠭᠦᠯᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠶᠢ | ᠪᠡᠶᠡᠯᠡᠭᠦᠯᠬᠦ ᠬᠡᠷᠡᠭᠲᠡᠢ᠃ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠰᠠᠭᠤᠷᠢᠯᠠᠬᠤ ᠴᠢᠨᠠᠷᠲᠠᠢ ᠣᠷᠣᠭᠤᠯᠤᠯᠲᠠ ᠶᠢ | ᠨᠡᠮᠡᠭᠳᠡᠭᠦᠯᠦᠨ᠂ ᠭᠠᠵᠠᠷ ᠣᠷᠣᠨ ᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠠᠵᠤ ᠠᠬᠤᠢ ᠶᠢᠨ ᠬᠡᠪᠴᠢᠶ᠎ᠡ᠂ ᠭᠠᠮᠰᠢᠭ ᠤᠨ | ᠠᠳᠡᠯ ᠤᠨ ᠣᠨᠴᠠᠯᠢᠭ᠂ ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠦᠷᠢᠨ ᠭᠦᠢᠴᠡᠳ ᠬᠦᠴᠦᠷᠬᠡᠭ ᠬᠦᠴᠦᠨ ᠢ ᠲᠣᠬᠢᠷᠠᠭᠤᠯᠬᠤ ᠬᠡᠷᠡᠭᠲᠡᠢ᠃ | ᠦᠨᠳᠦᠰᠦᠨ ᠱᠠᠲᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠨᠡᠶᠢᠭᠡᠮ ᠤᠨ ᠤᠯᠠᠨ ᠨᠡᠶᠢᠲᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠳᠬᠡᠨ ᠪᠦᠷᠢᠯᠳᠦᠭᠦᠯᠬᠦ | ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠮᠵᠢ ᠶᠢ | ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠵᠦ᠂ ᠭᠤᠣᠯ ᠴᠣᠭᠴᠠ ᠶᠢᠨ | ᠬᠠᠮᠵᠢᠯᠴᠠᠭ᠎ᠠ᠂ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭᠠᠷᠯᠠᠬᠤ᠂ ᠨᠡᠭᠡᠭᠡᠯᠲᠡᠲᠤ ᠠᠮᠤᠷ | ᠲᠦᠪᠰᠢᠨ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ ᠤᠨ ᠳᠤᠲᠠᠭᠤᠳᠠᠯ ᠢ | ᠨᠥᠬᠦᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠠᠳᠠᠯᠢ ᠪᠤᠰᠤ ᠵᠢᠮ᠎ᠡ ᠶᠣᠰᠣ ᠶᠢ ᠦᠨᠳᠦᠰᠦᠯᠡᠨ᠂ ᠳᠦᠷᠢᠮ ᠤᠨ ᠵᠢᠷᠤᠭ | ᠲᠥᠯᠥᠪᠯᠡᠭᠡ ᠶᠢ ᠲᠥᠷᠥᠯ ᠬᠤᠪᠢᠶᠠᠨ ᠴᠢᠩᠭᠠᠳᠬᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠤᠷᠢᠳ ᠢᠶᠠᠷ ᠬᠢᠬᠦ ᠬᠡᠷᠡᠭᠲᠡᠢ᠃ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠰᠢᠨ᠎ᠡ ᠪᠠᠷ ᠨᠡᠶᠢᠲᠡᠯᠡᠭᠰᠡᠨ ᠠᠷᠭ᠎ᠠ | ᠬᠡᠮᠵᠢᠶ᠎ᠡ᠂ ᠰᠢᠨ᠎ᠡ ᠪᠠᠷ ᠲᠣᠭᠲᠠᠭᠠᠭᠰᠠᠨ ᠳᠦᠷᠢᠮ ᠳᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷᠲᠠᠢ ᠳᠤ ᠦᠨᠡᠯᠡᠯᠲᠡ ᠬᠢᠵᠦ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠶᠠᠪᠤᠴᠠ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠤᠷᠠᠳᠤᠭᠰᠠᠨ ᠰᠢᠨ᠎ᠡ | ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠨ᠎ᠡ ᠭᠠᠷᠤᠭ᠎ᠠ ᠳᠡᠭᠡᠷ᠎ᠡ ᠠᠴᠠ ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠣᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ | ᠬᠦᠴᠦᠯᠡᠵᠦ᠂ ᠰᠢᠨ᠎ᠡ ᠠᠶᠠᠨ ᠢ ᠡᠬᠢᠯᠡᠭᠦᠯᠬᠦ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠠᠩᠭᠠᠪᠠ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠰᠤᠳᠤᠯᠤᠨ | ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ᠂ | ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠃ ᠨᠠᠮ ᠪᠠ | ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠤᠳᠤᠷᠢᠳᠬᠤ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠳᠦᠮᠵᠢ | ᠭᠠᠷᠭᠠᠬᠤ ᠶᠢ ᠠᠬᠢᠭᠤᠯᠪᠠ᠃ | ᠡᠨᠡ ᠵᠢᠯ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂ ᠡᠨᠡ | ᠵᠢᠯ ᠤᠨ ᠭᠤᠣᠯ ᠡᠭᠦᠷᠭᠡ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠢ | ᠲᠥᠯᠥᠪᠯᠡᠬᠦ ᠶᠠᠪᠤᠳᠠᠯ ᠪᠣᠯᠣᠨ᠎ᠠ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠦᠢᠯᠡᠳᠦᠯᠭᠡ ᠶᠢᠨ ᠦᠷᠭᠦᠯᠵᠢᠯᠡᠯ ᠮᠥᠨ ᠪᠥᠭᠡᠳ ᠪᠠᠰᠠ ᠴᠤ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ | ᠵᠠᠩᠭᠢᠯᠠᠭ᠎ᠠ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ | ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠶᠢ ᠪᠠᠷᠢᠮᠲᠠᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠰᠢᠭᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ | ᠰᠠᠶᠢᠲᠤᠷ ᠠᠳᠬᠤᠵᠤ᠂ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠲᠤᠯᠭᠠᠮ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ | ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ | ᠠᠭᠢᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ ᠤᠷᠢᠳ ᠢᠶᠠᠷ ᠬᠢᠬᠦ ᠲᠡᠰ ᠳᠠᠷᠠᠭᠠᠯᠠᠯ᠂ ᠭᠤᠣᠯ | ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠭᠡᠯᠪᠡᠷᠢ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠡᠯ᠎ᠡ ᠬᠦᠷᠢᠶᠡᠨ ᠳᠠᠬᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ | ᠲᠤᠪᠤᠶᠢᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠢᠯᠡ ᠲᠣᠳᠣ ᠬᠠᠨᠳᠤᠯᠭᠠᠲᠤ ᠴᠢᠨᠠᠷ ᠲᠠᠢ ᠪᠠᠶᠢᠵᠤ᠂ | ᠬᠠᠮᠤᠭ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠰᠢᠭᠤᠳ ᠬᠦᠴᠦᠯᠡᠵᠦ᠂ ᠥᠭᠡᠷᠡᠴᠢᠯᠡᠯᠲᠡ ᠶᠢᠨ ᠦᠨᠦᠷ ᠠᠮᠲᠠ | ᠥᠳᠬᠡᠨ᠂ ᠶᠠᠰᠤ ᠴᠢᠨᠠᠷ ᠰᠠᠶᠢᠨ ᠪᠠᠶᠢᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠭᠦᠢᠴᠡᠳ | ᠲᠠᠶᠢᠴᠢᠯᠠᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠵᠤ᠂ ᠪᠦᠭᠦ ᠨᠠᠮ ᠪᠦᠭᠦ | ᠤᠯᠤᠰ ᠤᠨ ᠬᠦᠴᠦᠨ ᠢ ᠲᠠᠶᠢᠴᠢᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠪᠠ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ | ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠭᠰᠡᠨ ᠰᠢᠨ᠎ᠡ ᠲᠤᠷᠰᠢᠯᠭ᠎ᠠ ᠶᠢ ᠴᠠᠭ ᠲᠤᠬᠠᠢ ᠳᠤᠨᠢ | ᠳ᠋ᠦᠩᠨᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠵᠠᠮ | ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠢ ᠪᠤᠯᠭᠠᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | |