ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠬᠠᠷᠠᠩᠭ᠎ᠠ ᠬᠡᠩᠭᠡᠷᠭᠡ ᠴᠤᠬᠢᠵᠤ ᠶᠠᠩᠭᠠᠷ ᠪᠦᠵᠢᠭ ᠪᠦᠵᠢᠭᠯᠡᠨ ᠴᠠᠭᠠᠨ ᠰᠠᠷ᠎ᠠ  ᠶᠢᠨ ᠠᠷᠪᠠᠨ ᠲᠠᠪᠤᠨ ᠤ ᠪᠠᠶᠠᠷ ᠢ ᠬᠥᠷ ᠨᠠᠷᠬᠢᠶᠠᠨ ᠲᠠᠢ ᠪᠠᠷ ᠪᠡᠯᠭᠡᠯᠡᠨ᠎ᠡ
ᠨᠡᠶᠢᠲᠡᠯᠡᠭᠰᠡᠨ ᠴᠠᠭ᠄
2024/2/25
   2 ᠰᠠᠷ᠎ᠠ ᠶᠢᠨ 24 ᠤ ᠡᠳᠦᠷ ᠤᠨ ᠥᠯᠵᠡᠶᠢᠲᠦ ᠦᠳᠡᠰᠢ ᠶᠢᠨ ᠪᠠᠶᠠᠷ ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠥᠯᠵᠡᠶᠢᠲᠦ ᠦᠳᠡᠰᠢ ᠶᠢᠨ ᠪᠠᠶᠠᠷ ᠲᠤ ᠤᠮᠠᠷᠠᠲᠤ ᠬᠢᠯᠢ ᠪᠠᠨ ᠪᠠᠶᠠᠰᠬᠠᠬᠤ︾ ᠪᠥᠬᠦ ᠠᠷᠠᠳ ᠤᠨ ᠶᠠᠩᠭᠠᠷ ᠪᠥᠵᠢᠭ ᠤᠨ ᠦᠵᠡᠭᠦᠯᠦᠯᠭᠡ ᠶᠢᠨ ᠠᠵᠢᠯᠯᠠᠭ᠎ᠠ ᠭᠦᠢᠯᠡᠷ ᠭᠤᠣᠯ ᠤᠨ ᠠᠮᠢ ᠠᠬᠤᠢ ᠶᠢᠨ ᠴᠡᠴᠡᠷᠯᠢᠭ ᠲᠤ ᠬᠥᠷ ᠬᠥᠭᠵᠢᠶᠡᠨ ᠢᠶᠠᠷ ᠶᠠᠪᠤᠭᠳᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ  ᠱᠤ᠋ ᠲᠤᠸ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠭᠡᠷ ᠲᠡᠭᠡᠨ ᠪᠠᠶᠢᠭ᠎ᠠ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃    ᠲᠣᠰ ᠤᠳᠠᠭᠠᠨ ᠤ ᠲᠣᠭᠯᠠᠯᠲᠠ ᠨᠢ ᠤᠯᠠᠮᠵᠢᠯᠠᠯᠲᠤ ᠶᠠᠩᠭᠠᠷ ᠪᠥᠵᠢᠭ ᠢᠶᠠᠷ ᠭᠤᠣᠯ ᠲᠡᠩᠭᠡᠯᠢᠭ ᠪᠣᠯᠭᠠᠵᠤ᠂ ᠬᠤᠲᠠ ᠶᠢᠨ ᠲᠣᠭᠤᠷᠢᠭ ᠵᠢᠴᠢ ᠬᠥᠳᠡᠭᠡ ᠲᠣᠰᠬᠤᠨ ᠤ 600 ᠭᠠᠷᠤᠢ ᠰᠠᠶᠢᠨ ᠳᠤᠷ᠎ᠠ ᠶᠢᠨ ᠠᠵᠢᠯᠯᠠᠭᠴᠢᠳ ᠢᠶᠠᠷ ᠪᠦᠷᠢᠯᠳᠦᠭᠰᠡᠨ 6 ᠭᠤᠣᠯ ᠰᠡᠳᠦᠪᠲᠦ ᠲᠣᠭᠯᠠᠯᠲᠠ ᠶᠢᠨ ᠵᠢᠭᠰᠠᠭᠠᠯ ᠤᠨ ᠡᠩᠨᠡᠭᠡ ᠪᠣᠯᠵᠤ᠂ ᠯᠣᠣ ᠠᠷᠰᠯᠠᠨ ᠪᠥᠵᠢᠭᠯᠡᠬᠦ ᠂ ᠥᠨᠳᠥᠷ ᠬᠥᠯᠲᠦ᠂ ᠨᠢᠷᠤᠭᠤ ᠬᠡᠩᠭᠡᠷᠭᠡ᠂ ᠭᠠᠷ ᠠᠯᠴᠢᠭᠤᠷ ᠡᠷᠭᠢᠭᠦᠯᠬᠦ᠂ ᠴᠡᠴᠡᠭᠲᠦ ᠰᠢᠬᠦᠷ ᠲᠤᠯᠬᠤ᠂ ᠬᠡᠦᠬᠡᠯᠳᠡᠢ ᠲᠣᠭᠯᠠᠬᠤ ᠵᠡᠷᠭᠡ ᠲᠣᠭᠯᠠᠯᠲᠠ ᠶᠢ ᠠᠪᠴᠢᠷᠠᠨ᠂ ᠴᠥᠭᠡᠨ ᠪᠤᠰᠤ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠠᠢ᠃    ᠵᠤᠭᠠᠴᠠᠭᠴᠢ ᠪᠦᠦ ᠶᠤᠸᠠᠨ ᠶᠤᠸᠠᠨ᠄ ︽ᠶᠠᠩᠭᠠᠷ ᠪᠥᠵᠢᠭ ᠤᠨ ᠠᠩᠭᠢ ᠶᠢᠨ ᠲᠣᠭᠯᠠᠯᠲᠠ ᠬᠦᠷ ᠬᠥᠭᠵᠢᠶᠡᠨ ᠲᠠᠢ ᠶᠠᠪᠤᠭᠳᠠᠵᠤ᠂ ᠭᠠᠵᠠᠷ ᠪᠣᠯᠭᠠᠨ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠪᠦᠬᠦ ᠤᠯᠤᠰ ᠤᠨ ᠠᠷᠠᠳ ᠲᠦᠮᠡᠨ ᠤ ᠰᠢᠨ᠎ᠡ ᠨᠢᠭᠡᠨ ᠵᠢᠯ ᠳᠤ ᠰᠠᠯᠬᠢ ᠳᠠᠪᠠᠯᠭᠠᠨ ᠢ ᠵᠦᠰᠦᠨ ᠤᠷᠤᠭᠰᠢᠯᠠᠵᠤ᠂ ᠠᠯᠢᠪᠠ ᠪᠦᠬᠦᠨ ᠤᠷᠤᠭᠰᠢᠲᠠᠢ ᠶᠠᠪᠤᠭᠳᠠᠬᠤ ᠶᠢ ᠬᠦᠰᠡᠨ ᠵᠥᠩᠨᠡᠵᠦ ᠪᠠᠶᠢᠨ᠎ᠠ᠃︾ᠭᠡᠵᠦ ᠬᠡᠯᠡᠪᠡ᠃    ᠯᠣᠣ ᠠᠷᠰᠯᠠᠨ ᠲᠣᠭᠯᠠᠬᠤ ᠨᠢ ᠬᠠᠭᠤᠴᠢᠨ ᠵᠢᠯ  ᠢ ᠦᠳᠡᠵᠦ ᠰᠢᠨ᠎ᠡ ᠵᠢᠯ  ᠢ ᠤᠭᠲᠤᠬᠤ᠂ ᠥᠯᠵᠡᠢ ᠪᠡᠯᠭᠡ  ᠶᠢ ᠤᠭᠲᠤᠬᠤ ᠴᠢᠬᠤᠯᠠ ᠶᠣᠰᠣᠯᠠᠯ ᠮᠥᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠲᠦᠮᠡᠨ ᠤ ᠴᠠᠭᠠᠨ ᠰᠠᠷ᠎ᠠ  ᠶᠢᠨ ᠤᠯᠠᠮᠵᠢᠯᠠᠯᠲᠤ ᠵᠠᠩ ᠦᠢᠯᠡ  ᠶᠢᠨ ᠠᠵᠢᠯᠯᠠᠭ᠎ᠠ  ᠶᠢᠨ ᠨᠢᠭᠡ ᠪᠣᠯᠬᠤ ᠪᠥᠭᠡᠳ ᠵᠢᠯ ᠪᠣᠯᠭᠠᠨ ᠴᠠᠭᠠᠨ ᠰᠠᠷ᠎ᠠ  ᠶᠢᠨ ᠪᠠᠶᠠᠷ  ᠢ ᠪᠡᠯᠭᠡᠯᠡᠬᠦ  ᠶᠢᠨ ᠴᠢᠬᠤᠯᠠ ᠵᠦᠢᠯ ᠪᠣᠯᠵᠤ᠂ ᠪᠠᠶᠠᠷ ᠤᠨ ᠡᠳᠦᠷ ᠲᠤ ᠪᠠᠶᠠᠷ ᠬᠥᠷ ᠲᠠᠢ ᠠᠭᠤᠷ ᠠᠮᠢᠰᠬᠤᠯ  ᠢ ᠨᠡᠮᠡᠭᠳᠡᠭᠦᠯᠦᠭᠰᠡᠨ ᠪᠠᠶᠢᠨ᠎ᠠ᠃    ︽ᠪᠢ ᠪᠣᠯ ᠯᠣᠣ ᠠᠷᠰᠯᠠᠨ ᠪᠥᠵᠢᠭᠯᠡᠬᠦ ᠶᠢ ᠰᠠᠶ᠋ᠢᠬᠠᠨ ᠰᠣᠷᠣᠭᠰᠠᠨ ᠶᠤᠮ᠂ ᠬᠤᠶᠢᠰᠢᠳᠠ ᠪᠢ ᠵᠢᠯ ᠪᠦᠷᠢ ᠡᠶᠢᠮᠦ ᠠᠵᠢᠯᠯᠠᠭ᠎ᠠ ᠳᠤ ᠣᠷᠣᠯᠴᠠᠨ᠎ᠠ᠂ ᠡᠨᠡ ᠬᠦ ᠤᠯᠠᠮᠵᠢᠯᠠᠯᠲᠤ ᠵᠠᠩ ᠦᠢᠯᠡ ᠪᠠᠨ ᠤᠯᠠᠮᠵᠢᠯᠠᠨ ᠵᠠᠯᠭᠠᠮᠵᠢᠯᠠᠬᠤ ᠶᠢ ᠬᠦᠰᠡᠨ᠎ᠡ ᠃︾ ᠭᠡᠵᠦ  ᠯᠣᠣ ᠪᠥᠵᠢᠭᠯᠡᠭᠴᠢ ᠪᠦᠦ  ᠴᠢ ᠱᠢ ᠪᠠ ᠬᠡᠯᠡᠪᠡ᠃    ᠥᠩᠭᠡᠷᠡᠭᠰᠡᠨ ᠤ ︽ᠶᠠᠩᠭᠠᠷ ᠪᠦᠵᠢᠭ ᠪᠠᠶᠢᠬᠤ ᠦᠭᠡᠢ ᠰᠢᠨ᠎ᠡ ᠵᠢᠯ ᠤᠨ ᠠᠭᠤᠷ ᠠᠮᠢᠰᠬᠤᠯ ᠦᠭᠡᠢ ︾ ᠪᠠᠶᠢᠭᠰᠠᠨ  ᠠᠴᠠ ᠪᠠᠨ ᠣᠲᠣ ᠪᠣᠯᠬᠤ ᠳᠤ ︽ᠶᠠᠩᠭᠠᠷ ᠪᠥᠵᠢᠭᠯᠡᠵᠦ ᠡᠳᠦᠷ ᠡᠳᠦᠷ ᠰᠢᠨᠡᠯᠡᠬᠦ︾ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠶᠠᠩᠭᠠᠷ ᠤᠨ ᠠᠩᠭᠢ  ᠶᠢᠨ ᠬᠢᠨ ᠬᠥᠭᠡᠷᠦᠯᠳᠦᠨ ᠬᠥᠭᠡᠷᠦᠯᠳᠦᠵᠦ᠂ ᠳᠠᠪᠠᠭᠤᠯᠤᠯ ᠤᠨ ᠠᠯᠬᠤᠭ᠎ᠠ ᠪᠠᠷ᠂ ᠴᠤᠭ ᠵᠢᠪᠬᠤᠭ᠎ᠠ  ᠶᠢ ᠨᠢ ᠳᠠᠭᠤᠷᠢᠰᠤᠭᠤᠯᠤᠭᠰᠠᠨ ᠲᠣᠭᠯᠠᠯᠲᠠ ᠪᠠᠷ  ᠢᠶᠠᠨ ᠶᠠᠩᠭᠠᠷ ᠤᠨ ᠣᠬᠢ ᠰᠣᠳᠣ  ᠶᠢ ᠨᠢ ᠪᠦᠷᠢᠨ ᠲᠡᠭᠦᠯᠳᠡᠷ ᠳᠡᠯᠭᠡᠨ ᠦᠵᠡᠭᠦᠯᠦᠭᠰᠡᠨ ᠶᠤᠮ᠃     ︽ᠶᠠᠩᠭᠠᠷ ᠰᠢᠨ᠎ᠡ ᠵᠢᠯ ᠤᠨ ᠪᠠᠶᠠᠷ ᠪᠠᠭ᠋ᠠᠳᠤᠯ  ᠢ ᠢᠯᠡᠳᠬᠡᠵᠡᠢ᠂ ᠡᠨᠡᠬᠦ ᠡᠶ᠎ᠡ ᠵᠣᠬᠢᠴᠠᠯ  ᠲᠠᠢ ᠠᠭᠤᠷ ᠠᠮᠢᠰᠬᠤᠯ ᠂ ᠪᠠᠶᠠᠷ ᠪᠠᠭ᠋ᠠᠳᠤᠯᠲᠤ ᠰᠡᠳᠬᠢᠯᠭᠡ ᠨᠢ ᠪᠢᠳᠡᠨ  ᠢ ᠰᠢᠨ᠎ᠡ ᠨᠢᠭᠡᠨ ᠵᠢᠯ ᠳᠤ ᠰᠢᠨ᠎ᠡ ᠲᠣᠬᠢᠶᠠᠯ᠂ ᠰᠢᠨ᠎ᠡ ᠥᠷᠢᠰᠦᠯᠳᠦᠭᠡᠨ  ᠢ ᠤᠭᠲᠤᠬᠤ ᠡᠷᠴᠢ ᠵᠣᠷᠢᠭ ᠲᠠᠢ ᠪᠣᠯᠭᠠᠵᠠᠢ︾ ᠭᠡᠵᠦ ᠵᠤᠭᠠᠴᠠᠭᠴᠢ ᠯᠢ ᠢᠦᠢ ᠬᠡᠯᠡᠪᠡ᠃    ᠶᠠᠩᠭᠠᠷ ᠪᠥᠵᠢᠭ ᠤᠨ ᠴᠠᠭᠠᠨ ᠰᠠᠷ᠎ᠠ  ᠶᠢᠨ ᠦᠵᠡᠭᠦᠯᠦᠯᠭᠡ  ᠶᠢᠨ ᠲᠣᠭᠯᠠᠯᠲᠠ ᠨᠢ ᠴᠠᠭᠠᠨ ᠰᠠᠷ᠎ᠠ  ᠶᠢᠨ ᠦᠨᠦᠷ ᠠᠮᠲᠠ  ᠶᠢ ᠨᠡᠮᠡᠭᠳᠡᠭᠦᠯᠵᠦ᠂ ᠨᠤᠲᠤᠭ ᠤᠨ ᠮᠥᠷᠥᠭᠡᠳᠦᠯ  ᠢ ᠦᠯᠡᠳᠡᠭᠡᠵᠦ᠂ ᠬᠥᠳᠡᠭᠡ ᠲᠣᠰᠬᠤᠨ ᠤ ᠴᠤᠭ ᠰᠦᠯᠳᠡ   ᠶᠢ ᠠᠬᠤᠭᠤᠯᠵᠤ ᠪᠠᠶᠢᠭ᠎ᠠ ᠪᠥᠭᠡᠳ ᠬᠥᠮᠥᠰ ᠤᠨ ᠥᠯᠵᠡᠢ ᠪᠡᠯᠭᠡ ᠲᠠᠢ᠂ ᠲᠡᠭᠦᠰ ᠰᠠᠶᠢᠬᠠᠨ᠂ ᠡᠶ᠎ᠡ ᠵᠣᠬᠢᠴᠠᠯ  ᠢ ᠬᠥᠭᠡᠭᠡᠴᠡᠯᠳᠦᠳᠡᠭ ᠤᠯᠠᠮᠵᠢᠯᠠᠯᠲᠤ ᠰᠠᠶᠢᠬᠠᠨ ᠵᠠᠩ ᠰᠤᠷᠲᠠᠯ ᠪᠠ ᠬᠥᠮᠥᠨ ᠰᠣᠶᠣᠯ ᠤᠨ ᠵᠣᠷᠢᠭ ᠰᠠᠨᠠᠭ᠎ᠠ  ᠶᠢ ᠬᠠᠷᠠᠭᠤᠯᠵᠤ ᠪᠠᠶᠢᠭ᠎ᠠ ᠶᠤᠮ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号