ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠮᠤ ᠲᠣᠰᠣᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠴᠢ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/2/29
   ᠲᠦᠷᠦᠭᠦᠬᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠴᠢ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡᠨ ᠤ ᠳᠠᠷᠤᠭ᠎ᠠ᠂ ᠬᠡᠪᠴᠢᠶᠡᠲᠦ ᠲᠠᠷᠢᠮᠠᠯ ᠤᠨ ᠭᠤᠣᠯ ᠴᠣᠭᠴᠠ ᠵᠢᠴᠢ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠭᠡᠰᠢᠭᠦᠨ ᠪᠣᠯᠪᠠᠰᠤᠷᠠᠯ ᠳᠤ ᠣᠷᠣᠯᠴᠠᠵᠠᠢ᠃    ᠪᠣᠯᠪᠠᠰᠤᠷᠠᠯ ᠤᠨ ᠠᠩᠭᠢ ᠳᠤ ᠤᠯᠤᠰ ᠤᠨ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠬᠢᠮᠢ ᠶᠢᠨ ᠪᠣᠷᠳᠣᠭᠤᠷ ᠤᠨ ᠵᠡᠭᠦᠨ ᠬᠤᠶᠢᠲᠤ ᠶᠢᠨ ᠲᠣᠮᠣ ᠣᠷᠣᠨ ᠤ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠣᠣ ᠯᠢ ᠰᠢᠨ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠭᠦᠸᠧ ᠵᠢᠩ ᠴᠦᠨ ᠢ ᠤᠷᠢᠪᠠ᠃ ᠭᠤᠣᠯᠳᠠᠭᠤ ᠰᠢᠷ᠎ᠠ ᠪᠤᠷᠴᠠᠭ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠦᠭᠰᠡᠨ ᠳᠠᠷᠢᠵᠤ ᠪᠣᠶᠢᠵᠢᠭᠤᠯᠬᠤ᠂ ᠤᠷᠭᠤᠮᠠᠯ ᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠤᠨ ᠲᠣᠭᠤᠷᠢᠨ ᠳᠤ ᠲᠤᠰᠬᠠᠢ ᠰᠡᠳᠦᠪ ᠢᠶᠠᠷ  ᠬᠢᠴᠢᠶᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠨᠢ ᠤᠰᠤᠨ ᠲᠤᠲᠤᠷᠭ᠎ᠠ᠂ ᠪᠤᠭᠤᠳᠠᠢ ᠵᠡᠷᠭᠡ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠭᠤᠯᠤᠯ ᠢ ᠵᠠᠯᠭᠠᠭ᠎ᠠ ᠪᠠᠷ ᠥᠷᠨᠢᠭᠦᠯᠵᠦ᠂ ᠣᠨᠣᠯ ᠤᠨ ᠵᠢᠭᠠᠨ ᠰᠤᠷᠭᠠᠯᠲᠠ ᠪᠠ ᠲᠠᠷᠢᠶᠠᠨ ᠭᠠᠵᠠᠷ ᠤᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠩ ᠣᠯᠠᠨ ᠲᠠᠷᠢᠶᠠᠴᠢᠳ ᠲᠤ ᠰᠢᠨ᠎ᠡ ᠮᠡᠳᠡᠯᠭᠡ ᠣᠯᠭᠤᠵᠤ᠂ ᠰᠢᠨ᠎ᠡ ᠮᠡᠷᠭᠡᠵᠢᠯ ᠢ ᠡᠵᠡᠮᠰᠢᠭᠦᠯᠬᠦ ᠪᠠᠷ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号