ᠡᠬᠡ ᠪᠠᠶᠢᠭᠠᠯᠢ ᠶᠢᠨ ᠨᠣᠭᠤᠭᠠᠨ ᠥᠩᠭᠡ ᠶᠢ ᠰᠡᠮᠬᠡᠨ ᠪᠣᠶᠢᠵᠢᠭᠤᠯᠵᠤ᠂ ᠲᠠᠷᠢᠶᠠᠴᠢᠳ ᠬᠠᠪᠤᠷ ᠤᠨ ᠰᠠᠯᠬᠢᠨ ᠳᠤ | ᠲᠠᠷᠢᠶᠠᠯᠠᠬᠤ ᠪᠠᠷ ᠶᠠᠭᠠᠷᠠᠯᠳᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠳᠤ᠂ ᠦᠷ᠎ᠡ ᠰᠣᠩᠭᠤᠵᠤ᠂ ᠲᠠᠷᠢᠶᠠᠴᠢᠨ ᠠᠶᠢᠯ ᠤᠨ ᠪᠣᠷᠳᠣᠭᠤᠷ ᠪᠡᠯᠡᠳᠬᠡᠵᠦ᠂ ᠲᠠᠷᠢᠶᠠᠯᠠᠩ ᠤᠨ ᠮᠠᠰᠢᠨ | ᠪᠠᠭᠠᠵᠢ ᠶᠢ ᠪᠠᠶᠢᠴᠠᠭᠠᠨ ᠰᠡᠯᠪᠢᠵᠦ᠂ ᠥᠷᠭᠡᠨ ᠠᠭᠤᠳᠠᠮ ᠲᠠᠷᠢᠶᠠᠨ ᠭᠠᠵᠠᠷ ᠲᠤ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠤᠲᠠᠢ ᠰᠢᠶᠠᠩ ᠤᠨ ᠤᠰᠤᠨ ᠴᠥᠭᠦᠷᠥᠮ ᠤᠨ | ᠲᠣᠰᠬᠤᠨ ᠤ ᠠᠷᠠᠳ ᠳ᠋ᠢᠩ ᠬᠤᠩ ᠳᠤ ᠠᠪᠴᠤ ᠬᠡᠯᠡᠪᠡᠯ᠂ ᠡᠨᠡ ᠬᠠᠪᠤᠷ ᠢ ︽ᠬᠠᠯᠠᠭᠤᠨ ᠪᠤᠴᠠᠯᠤᠮ᠎ᠠ︾ ᠢᠶᠠᠷ | ᠳᠦᠷᠰᠦᠯᠡᠵᠦ ᠪᠣᠯᠣᠨ᠎ᠠ᠃ ᠳ᠋ᠢᠩ ᠬᠤᠩ ᠪᠣᠯ ᠤᠰᠤᠨ ᠴᠥᠭᠦᠷᠥᠮ ᠤᠨ ᠲᠣᠰᠬᠤᠨ ᠤ ︽ᠬᠤᠪᠢᠰᠬᠠᠯᠲᠤ ᠰᠢᠶᠠᠩ | ᠪᠤᠷᠭᠠᠰᠤᠲᠠᠢ ᠨᠣᠭᠤᠭᠠᠨ ᠬᠦᠷᠢᠶ᠎ᠡ ᠬᠠᠰᠢᠶ᠎ᠠ︾ᠮᠠᠯ ᠠᠵᠤ ᠠᠬᠤᠢ ᠲᠠᠷᠢᠶᠠᠯᠠᠩ ᠤᠨ ᠬᠤᠯᠪᠣᠭᠠᠲᠤ ᠬᠤᠷᠰᠢᠶ᠎ᠠ ᠶᠢᠨ | ᠨᠠᠰᠤᠲᠠᠨ ᠪᠣᠯᠣᠨ᠎ᠠ᠂ 4 ᠵᠢᠯ ᠤᠨ ᠲᠤᠷᠰᠢ᠂ ᠲᠡᠷᠡ︽ᠬᠤᠪᠢ ᠬᠥᠮᠥᠨ ᠤ ᠵᠠᠬᠢᠶᠠᠯᠠᠭ᠎ᠠ︾ ᠶᠢᠨ ᠪᠡᠯᠡᠭ ᠤᠨ | ᠬᠠᠶᠢᠷᠴᠠᠭ ᠢᠶᠠᠷ ᠲᠠᠬᠢᠶ᠎ᠠ᠂ ᠭᠠᠭ᠋ᠠᠢ ᠲᠡᠵᠢᠭᠡᠵᠦ᠂ ᠬᠤᠯᠪᠣᠭᠠᠲᠤ ᠬᠤᠷᠰᠢᠶ᠎ᠠ ᠶᠢᠨ ᠡᠨᠡᠬᠦ ᠲᠣᠮᠣ ᠮᠣᠳᠣᠨ ᠳᠤ | ᠲᠦᠰᠢᠭᠯᠡᠵᠦ᠂ ᠶᠠᠳᠠᠭᠤ ᠠᠴᠠ ᠠᠩᠭᠢᠵᠢᠷᠠᠭᠰᠠᠨ ᠢᠶᠠᠷ ᠪᠠᠷᠠᠬᠤ ᠦᠭᠡᠢ ᠪᠠᠰᠠ ᠪᠠᠶᠠᠵᠢᠯ ᠤᠨ ᠵᠠᠮ ᠢᠶᠠᠷ ᠵᠠᠮᠨᠠᠵᠤ᠂ ᠵᠢᠯ | ᠪᠦᠷᠢ 2 ᠲᠦᠮᠡ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠲᠠᠢ ᠪᠣᠯᠵᠠᠢ᠃ | ᠤᠰᠤᠨ ᠴᠥᠭᠦᠷᠥᠮ ᠤᠨ ᠲᠣᠰᠬᠤᠨ ᠳᠤ᠂ ᠳ᠋ᠢᠩ ᠣᠪᠣᠭᠲᠤ ᠶᠢᠨ ᠬᠢᠨ ᠲᠠᠬᠢᠶ᠎ᠠ ᠲᠡᠵᠢᠭᠡᠵᠦ᠂ ᠯᠢ ᠣᠪᠣᠭᠲᠤ ᠶᠢᠨ | ᠬᠢᠨ ᠡᠷᠳᠡᠨᠢ ᠰᠢᠰᠢ ᠲᠠᠷᠢᠵᠦ᠂ ᠵᠠᠩ ᠣᠪᠣᠭᠲᠤ ᠶᠢᠨ ᠬᠢᠨ ᠦᠬᠡᠷ ᠬᠤᠨᠢ ᠲᠡᠵᠢᠭᠡᠵᠦ᠂ ᠵᠢᠵᠢᠭ ᠲᠣᠰᠬᠤᠨ ᠤ | ︽ᠨᠤᠲᠤᠭ ᠤᠨ ᠦᠨᠦᠷ ᠠᠮᠲᠠ︾ᠣᠨᠴᠠ ᠭᠠᠷᠤᠯᠲᠠ ᠶᠢᠨ ᠵᠠᠬᠢᠶᠠᠯᠠᠭ᠎ᠠ ᠶᠢᠨ ᠬᠠᠭᠤᠳᠠᠰᠤ 100 ᠭᠠᠷᠤᠢ ᠠᠴᠠ ᠤᠳᠤ | ᠪᠣᠯᠲᠠᠯ᠎ᠠ 1200 ᠭᠠᠷᠤᠢ ᠶᠢ ᠬᠦᠯᠢᠶᠡᠨ ᠠᠪᠴᠤ᠂ ᠲᠣᠰᠬᠤᠨ ᠤ ᠠᠷᠠᠳ ᠤᠨ ᠣᠷᠣᠯᠭ᠎ᠠ ᠶᠢᠨ ᠬᠠᠮᠤᠭ ᠠᠩᠬᠠᠨ ᠤ | ᠨᠡᠮᠡᠭᠳᠡᠯ 450 ᠲᠥᠭᠦᠷᠢᠭ ᠠᠴᠠ 5000 ᠲᠥᠭᠦᠷᠢᠭ ᠢ ᠳᠠᠪᠠᠵᠤ᠂ 4 ᠵᠢᠯ ᠤᠨ ᠬᠤᠭᠤᠴᠠᠭᠠᠨ ᠳᠤ᠂ | ᠵᠠᠬᠢᠶᠠᠯᠠᠭ᠎ᠠ ᠶᠢᠨ ᠬᠠᠭᠤᠳᠠᠰᠤ 10 ᠲᠠᠬᠢᠨ ᠨᠡᠮᠡᠭᠳᠡᠵᠦ᠂ ᠲᠣᠰᠬᠤᠨ ᠤ ᠠᠷᠠᠳ ᠤᠨ ᠣᠷᠣᠯᠭ᠎ᠠ ᠴᠤ 10 ᠲᠠᠬᠢᠨ | ᠨᠡᠮᠡᠭᠳᠡᠵᠦ᠂ 760 ᠬᠥᠮᠥᠨ ᠲᠠᠢ ᠵᠢᠵᠢᠭ ᠲᠣᠰᠬᠤᠨ ᠤ ᠣᠷᠣᠯᠭ᠎ᠠ 90 ᠲᠦᠮᠡᠨ ᠲᠥᠭᠦᠷᠢᠭ ᠲᠤ ᠬᠦᠷᠴᠡᠢ᠃ | 2019 ᠣᠨ ᠤ ᠰᠡᠭᠦᠯᠴᠢ ᠪᠠᠷ᠂ ᠲᠣᠰᠬᠤᠨ ᠲᠠᠢ ᠬᠤᠯᠪᠣᠭᠠᠯᠠᠵᠤ ᠪᠠᠯᠭᠠᠰᠤ ᠲᠠᠢ ᠬᠤᠯᠪᠣᠭᠠᠯᠠᠵᠤ ᠰᠢᠶᠠᠩ ᠲᠠᠢ | ᠬᠤᠯᠪᠣᠭᠠᠯᠠᠵᠤ ᠵᠣᠬᠢᠶᠠᠨ ᠪᠠᠶᠢᠭᠤᠯᠤᠭᠰᠠᠨ︽ᠬᠤᠪᠢᠰᠬᠠᠯᠲᠤ ᠰᠢᠶᠠᠩ ᠪᠤᠷᠭᠠᠰᠤᠲᠠᠢ ᠨᠣᠭᠤᠭᠠᠨ ᠬᠦᠷᠢᠶ᠎ᠡ ᠬᠠᠰᠢᠶ᠎ᠠ︾ | ᠮᠠᠯ ᠠᠵᠤ ᠠᠬᠤᠢ ᠲᠠᠷᠢᠶᠠᠯᠠᠩ ᠤᠨ ᠬᠤᠯᠪᠣᠭᠠᠲᠤ ᠬᠤᠷᠰᠢᠶ᠎ᠠ᠂ ︽ᠴᠡᠭ ᠪᠠᠶᠢᠭᠤᠯᠬᠤ᠂ ᠱᠤᠭᠤᠮ ᠬᠡᠯᠬᠢᠶᠠᠵᠦ᠂ ᠬᠡᠰᠡᠭ | ᠵᠠᠯᠭᠠᠯᠳᠤᠬᠤ︾ᠨᠢᠭᠡᠳᠦᠯᠲᠡᠢ ᠲᠥᠯᠥᠪᠵᠢᠭᠦᠯᠬᠦ ᠰᠡᠳᠬᠢᠴᠡ ᠪᠠᠷ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ | ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠳᠤ᠂ ᠤᠰᠤᠨ | ᠴᠥᠭᠦᠷᠥᠮ ᠤᠨ ᠲᠣᠰᠬᠤᠨ ᠪᠣᠯ ᠳᠠᠷᠤᠢ 11 ᠲᠣᠰᠬᠤᠨ ᠤ ᠬᠤᠯᠪᠤᠭᠠᠯᠠᠨ ᠰᠢᠨ᠎ᠡ ᠶᠢ ᠡᠭᠦᠳᠦᠭᠰᠡᠨ ᠬᠥᠭᠵᠢᠯᠲᠡ ᠶᠢᠨ | ᠦᠷ᠎ᠡ ᠪᠦᠲᠦᠭᠡᠯ ᠤᠨ ᠨᠢᠭᠡ ᠪᠣᠯᠬᠤ ᠪᠥᠭᠡᠳ ᠪᠠᠰᠠ ᠴᠤ ᠡᠭᠦᠰᠬᠡᠨ ᠪᠠᠶᠢᠭᠤᠯᠤᠭᠰᠠᠨ ᠲᠣᠰᠬᠤᠨ ᠪᠣᠯᠣᠨ᠎ᠠ᠃ | ︽11 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ 2716 ᠭᠠᠷᠤᠢ ᠡᠷᠤᠬᠡ ᠤᠯᠠᠨ ᠲᠦᠮᠡᠨ ᠢ | ᠠᠵᠤ ᠦᠢᠯᠡᠰ ᠤᠨ ᠬᠡᠯᠬᠢᠶ᠎ᠡ ᠳᠤ ᠬᠤᠯᠪᠣᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ︿ᠠᠵᠤ ᠦᠢᠯᠡᠰ ᠤᠨ | ᠬᠡᠯᠬᠢᠶ᠎ᠡ ᠳᠤ ᠭᠠᠷᠭᠠᠬᠤ﹀ ︿ᠬᠤᠯᠪᠣᠭᠠᠲᠤ ᠬᠤᠷᠰᠢᠶ᠎ᠠ ᠳᠤ ᠣᠷᠣᠭᠤᠯᠬᠤ﹀ ︿ᠲᠠᠷᠢᠵᠦ ᠲᠡᠵᠢᠭᠡᠬᠦ ᠰᠠᠭᠤᠷᠢᠨ ᠳᠤ | ᠣᠷᠣᠭᠤᠯᠬᠤ﹀ ᠶᠢ ᠠᠬᠢᠭᠤᠯᠵᠤ᠂ ᠮᠢᠨ ᠴᠢᠤᠸᠠᠨ ᠲᠣᠰᠬᠤᠨ ᠤ ᠲᠤᠲᠤᠷᠭ᠎ᠠ᠂ ᠲᠣᠮᠣᠨ ᠭᠠᠴᠠᠭ᠎ᠠ ᠶᠢᠨ ᠯᠠᠵᠤᠤ᠂ | ᠬᠢᠩᠭᠠᠨ ᠲᠣᠰᠬᠤᠨ ᠤ ᠢᠳᠡᠰᠢᠨ ᠨᠣᠭᠤᠭ᠎ᠠ ᠵᠡᠷᠭᠡ ᠨᠡᠷ᠎ᠡ ᠠᠯᠳᠠᠷᠲᠠᠢ ᠠᠵᠤ ᠦᠢᠯᠡᠰ ᠤᠨ ᠲᠦᠷᠦᠯ ᠲᠡᠮᠳᠡᠭ ᠢ | ᠪᠣᠶᠢᠵᠢᠭᠤᠯᠪᠠ᠃︾ ᠤᠰᠤᠨ ᠴᠥᠭᠦᠷᠥᠮ ᠤᠨ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠶᠣᠣ ᠰᠢᠨ ᠤ | ᠲᠠᠨᠢᠯᠴᠠᠭᠤᠯᠤᠭᠰᠠᠨ ᠢᠶᠠᠷ᠂ ᠬᠠᠮᠲᠤᠷᠠᠨ ᠪᠠᠶᠢᠭᠤᠯᠤᠭᠰᠠᠨ 11 ᠲᠣᠰᠬᠤᠨ ᠤ ᠭᠠᠵᠠᠷ ᠨᠤᠲᠤᠭ ᠥᠷᠭᠡᠨ ᠠᠭᠤᠳᠠᠮ᠂ | ᠭᠤᠷᠪᠠᠳᠤᠭᠠᠷ ᠠᠵᠤ ᠦᠢᠯᠡᠰ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠭᠡᠭᠡᠨ ᠬᠥᠭᠵᠢᠭᠦᠯᠬᠦ ᠴᠢᠬᠤᠯᠠᠲᠠᠢ ︽ | ᠳᠠᠯᠳᠠ ᠬᠦᠴᠦᠨ ᠤ ᠰᠲ᠋ᠣᠺ︾ ᠪᠣᠯᠣᠨ᠎ᠠ᠃ ᠬᠤᠯᠪᠣᠭᠠᠲᠤ ᠬᠤᠷᠰᠢᠶ᠎ᠠ ᠶᠢᠨ ᠪᠠᠶᠢᠭᠤᠯᠤᠭᠳᠠᠭᠰᠠᠨ ᠨᠢ ᠤᠰᠤᠨ | ᠴᠥᠭᠦᠷᠥᠮ ᠤᠨ ᠲᠣᠰᠬᠤᠨ ᠤ ᠬᠥᠭᠵᠢᠯᠲᠡ ᠶᠢᠨ ᠣᠷᠣᠨ ᠵᠠᠢ ᠶᠢᠨ ᠪᠠᠬᠢᠯᠡᠯᠲᠡ ᠶᠢ ᠡᠪᠳᠡᠭᠰᠡᠨ ᠢᠶᠠᠷ ᠦᠯᠦ ᠪᠠᠷᠠᠮ᠂ | 11 ᠲᠣᠰᠬᠤᠨ ᠤ ᠬᠥᠭᠵᠢᠯᠲᠡ ᠶᠢ ︽ᠨᠢᠭᠡ ᠬᠡᠯᠬᠢᠶ᠎ᠡ︾ ᠪᠣᠯᠭᠠᠭᠰᠠᠨ ᠪᠠᠶᠢᠨ᠎ᠠ᠃ | ᠤᠰᠤᠨ ᠴᠥᠭᠦᠷᠥᠮ ᠤᠨ ᠲᠣᠰᠬᠤᠨ ᠤ ᠠᠬᠠᠮᠠᠳ ᠡᠷᠬᠢᠯᠡᠭᠴᠢ ᠶᠣᠣ ᠬᠤᠩ ᠶᠦᠩ ᠠᠬᠠᠮᠠᠳ ᠨᠢᠭᠡ ᠦᠶ᠎ᠡ ᠶᠢᠨ | ᠬᠥᠮᠥᠰ ᠢ ᠲᠥᠯᠥᠭᠡᠯᠡᠨ ᠬᠤᠯᠪᠣᠭᠠᠲᠤ ᠬᠤᠷᠰᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠭᠰᠠᠨ ᠢ ᠮᠠᠭᠲᠠᠨ ᠰᠠᠶᠢᠰᠢᠶᠠᠵᠤ᠂ ︽ᠬᠤᠯᠪᠣᠭᠠᠲᠤ ᠬᠤᠷᠰᠢᠶ᠎ᠠ ᠲᠠᠢ ᠪᠣᠯᠤᠭᠰᠠᠨ ᠠᠴᠠ ︿ᠲᠠᠨ ᠤ ᠲᠣᠰᠬᠤᠨ﹀ | ︿ᠮᠠᠨ ᠤ ᠲᠣᠰᠬᠤᠨ﹀ ᠪᠣᠯᠵᠤ᠂ ᠲᠣᠰᠬᠤᠨ ᠪᠣᠯᠭᠠᠨ ᠤ ᠬᠥᠭᠵᠢᠯᠲᠡ ᠶᠢ ᠠᠴᠢᠶᠠᠯᠠᠪᠤᠷᠢ ᠲᠠᠢ᠂ ᠡᠷᠦᠭᠡ ᠪᠣᠯᠭᠠᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠲᠠᠢ ᠪᠣᠯᠭᠠᠵᠤ᠂ ᠤᠯᠠᠨ ᠢᠶᠠᠷ ᠢᠶᠠᠨ ᠪᠦᠯᠬᠦᠮᠳᠡᠵᠦ ᠴᠢᠨᠡᠭᠡᠯᠢᠭᠵᠢᠨ | ᠴᠢᠨᠡᠭᠡᠯᠢᠭᠵᠢᠵᠦ᠂ ᠠᠮᠢᠳᠤᠷᠠᠯ ᠡᠳᠦᠷ ᠠᠴᠠ ᠡᠳᠦᠷ ᠥᠭᠡᠳᠡᠯᠡᠵᠦ ᠪᠠᠶᠢᠨ᠎ᠠ︕︾ ᠭᠡᠵᠦ ᠬᠡᠯᠡᠪᠡ᠃ | | |