ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/1
   2 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠠᠪᠤᠷ ᠤᠨ ᠤᠯᠠᠷᠢᠯ ᠤᠨ ᠰᠤᠷᠤᠯᠭ᠎ᠠ ᠤᠯᠠᠷᠢᠯ ᠤᠨ  ᠡᠬᠢᠯᠡᠬᠦ  ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠪᠠ ᠳᠥᠷᠪᠡᠳᠦᠭᠡᠷ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠰᠤᠷᠭᠠᠭᠤᠯᠢ ᠶᠢᠨ ᠬᠤᠭᠤᠯᠠᠨ ᠭᠡᠷ ᠤᠨ ᠠᠷᠢᠭᠤᠨ ᠴᠡᠪᠡᠷ᠂ ᠨᠡᠶᠢᠲᠡ ᠶᠢᠨ ᠬᠤᠭᠤᠯᠠ ᠬᠦᠷᠭᠡᠬᠦ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠤᠳᠠᠯᠳᠤᠨ ᠠᠪᠬᠤ ᠪᠠ ᠬᠠᠳᠠᠭᠠᠯᠠᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠵᠡᠷᠭᠡ ᠳᠤ᠂ ᠲᠥᠬᠦᠭᠡᠷᠦᠮᠵᠢ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ  ᠢ ᠤᠬᠢᠶᠠᠵᠤ ᠠᠷᠢᠭᠤᠳᠬᠠᠭᠰᠠᠨ ᠲᠡᠮᠳᠡᠭᠯᠡᠯ ᠵᠢᠴᠢ ᠢᠳᠡᠭᠡᠨ  ᠢ ᠪᠣᠯᠪᠠᠰᠤᠷᠠᠭᠤᠯᠤᠨ ᠦᠢᠯᠡᠳᠦᠭᠰᠡᠨ᠂ ᠦᠯᠢᠭᠡᠷ ᠡᠳ᠋ ᠦᠯᠡᠳᠡᠭᠡᠬᠦ ᠬᠠᠮᠢᠶᠠᠷᠤᠯᠲᠠ᠂ ᠤᠤᠭᠤᠬᠤ ᠤᠰᠤᠨ ᠤ ᠠᠷᠢᠭᠤᠨ ᠴᠡᠪᠡᠷ ᠤᠨ ᠬᠠᠮᠢᠶᠠᠷᠤᠯᠲᠠ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ  ᠶᠢᠨ ᠦᠨᠡᠮᠯᠡᠯ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠪᠠᠶᠢᠳᠠᠯ  ᠢ ᠪᠠᠶᠢᠴᠠᠭᠠᠵᠠᠢ᠃ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ  ᠪᠠᠲᠤᠯᠠᠨ᠎ᠠ᠃   ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ  ᠪᠠᠲᠤᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号