2 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠳ᠋ᠢᠩ ᠪᠥᠸᠧ ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠵᠢᠴᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠣᠷᠣᠨ ᠨᠤᠲᠤᠭ ᠤᠨ ᠨᠠᠮ ᠵᠠᠰᠠᠭ ᠤᠨ | ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︽ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠦᠨᠳᠦ ᠣᠨᠴᠠ ᠶᠡᠭᠡ ᠠᠳᠡᠯ ᠬᠡᠷᠡᠭ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠠᠷᠭ᠎ᠠ ᠬᠡᠮᠵᠢᠶ᠎ᠡ ᠨᠦᠭᠦᠳ︾ ︽ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠬᠡᠷᠡᠭ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠰᠠᠨᠠᠯ︾ ᠤᠨ | ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠤᠨ ᠲᠥᠰᠥᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ︿ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ﹀ ᠲᠦᠷ ᠬᠡᠷᠡᠭᠵᠢᠭᠦᠯᠬᠦ ᠠᠷᠭ᠎ᠠ︾ | ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠠᠶᠢᠬᠠᠨ ᠪᠠᠶᠠᠷ ᠤᠨ ᠡᠳᠦᠷ ᠤᠨ ᠳᠠᠷᠠᠭ᠎ᠠ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠷᠳᠤᠴᠠ ᠪᠠᠨ ᠲᠦᠷᠭᠡᠳᠬᠡᠵᠦ᠂ ᠣᠨᠴᠠᠭᠠᠶ ᠴᠠᠭ | ᠠᠭᠤᠷ ᠠᠮᠠᠷᠬᠠᠨ ᠡᠭᠦᠰᠬᠦ ᠪᠠ ᠣᠯᠠᠨ ᠡᠭᠦᠰᠬᠦ ᠣᠨᠴᠠᠭᠠᠶ ᠴᠠᠭ ᠦᠶ᠎ᠡ ᠳᠤ ᠣᠷᠣᠰᠢᠵᠤ ᠪᠠᠶᠢᠨ᠎ᠠ᠃ ᠪᠦᠬᠦ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ ᠢᠮᠠᠭᠲᠠ | ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠬᠦᠰᠡᠬᠦ ᠰᠡᠳᠬᠢᠯᠭᠡ ᠪᠠᠨ ᠲᠡᠪᠴᠢᠵᠦ | ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ︽ᠶᠠᠪᠤᠳᠠᠯ ᠪᠦᠬᠦᠨ ᠳᠤ | ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ | ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |