ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/11
   3 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠣᠳᠣᠬᠢ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠵᠦ᠂ 2024 ᠣᠨ ᠤ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠰᠬᠠᠶᠢᠯᠠᠨ ᠪᠠᠶᠢᠷᠢᠯᠠᠭᠤᠯᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ︽︿ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ﹀ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢ ᠰᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠠᠭᠤᠯᠭ᠎ᠠ ᠶᠢ ᠰᠤᠷᠤᠯᠴᠠᠨ ᠤᠯᠠᠮᠵᠢᠯᠠᠪᠠ᠃    ᠬᠤᠷᠠᠯ ᠠᠴᠠ᠂ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠣᠯᠣᠨ᠎ᠠ᠂ ᠪᠠᠰᠠᠴᠤ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠡᠬᠢᠯᠡᠨ ᠬᠡᠷᠡᠭᠵᠢᠭᠦᠯᠬᠦ ᠵᠢᠯ ᠪᠣᠯᠣᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠭᠦᠷᠭᠡ ᠪᠣᠯᠣᠨ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠤᠯᠠᠨ ᠶᠠᠩᠵᠤᠴᠢᠯᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠺᠠᠳ᠋ᠷ ᠤᠨ ᠡᠩᠨᠡᠭᠡ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠡᠩᠨᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠵᠠᠰᠠᠯᠲᠠ ᠶᠢ ᠰᠠᠶᠢᠲᠤᠷ ᠠᠳᠬᠤᠵᠤ᠂ ᠰᠤᠷᠭᠠᠭᠤᠯᠢ ᠡᠷᠬᠢᠯᠡᠬᠦ ᠠᠭᠤᠯᠤᠭᠳᠠᠬᠤᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠬᠢᠵᠢᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ᠂ ᠪᠦᠬᠦᠨ ᠢ ᠬᠠᠮᠤᠷᠤᠭᠰᠠᠨ ᠠᠷᠢᠭᠤᠨ ᠴᠢᠬᠡᠴᠢ ᠰᠤᠷᠭᠠᠭᠤᠯᠢ ᠶᠢᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠬᠦ ᠬᠡᠷᠡᠭᠲᠡᠢ ᠭᠡᠵᠡᠢ᠃    ᠬᠤᠷᠠᠯ  ᠠᠴᠠ ᠪᠠᠰᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ 2023 ᠣᠨ ᠤ ᠬᠠᠷᠠᠯᠲᠠᠲᠤ ᠬᠠᠮᠢᠶᠠᠷᠤᠯᠲᠠ ᠶᠢᠨ ᠲᠡᠷᠢᠭᠦᠨ ᠤ ᠨᠢᠭᠡᠴᠡ ᠪᠣᠯᠣᠨ ᠬᠠᠤᠯᠢ ᠰᠠᠬᠢᠯᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠪᠠ᠃    ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号