ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/3/12
    ᠡᠷᠴᠢ ᠵᠣᠷᠢᠭ ᠢᠶᠠᠨ ᠬᠥᠪᠴᠢᠯᠡᠨ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠬᠠᠮᠲᠤᠪᠠᠷ ᠴᠣᠭᠴᠠᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠨ ᠴᠠᠭ ᠦᠶ᠎ᠡ ᠶᠢᠨ ᠢᠷᠠᠭᠤ ᠬᠠᠭᠤᠳᠠᠰᠤ ᠶᠢ ᠳᠠᠬᠢᠨᠲᠠ ᠪᠢᠴᠢᠭᠯᠡᠶ᠎ᠡ᠃ 3 ᠰᠠᠷ᠎ᠠ  ᠶᠢᠨ 11 ᠤ ᠦᠳᠡ  ᠶᠢᠨ ᠬᠤᠶᠢᠨ᠎ᠠ᠂ ᠣᠯᠠᠨ ᠤ ᠠᠩᠬᠠᠷᠤᠯ  ᠢ ᠲᠠᠲᠠᠭᠰᠠᠨ ᠤᠯᠤᠰ ᠲᠥᠷᠥ  ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠬᠤᠷᠴᠢᠨ ᠰᠣᠶᠣᠯ ᠤᠨ ᠲᠥᠪ ᠤᠨ ᠣᠯᠠᠨ ᠴᠢᠳᠠᠮᠵᠢᠲᠤ ᠲᠢᠩᠬᠢᠮ ᠳᠤ ᠡᠬᠢᠯᠡᠪᠡ ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤ ᠴᠢᠩ ᠰᠡᠳᠬᠢᠯ ᠤᠨ ᠬᠦᠨᠳᠦ ᠨᠠᠶᠢᠳᠠᠯᠭ᠎ᠠ ᠶᠢ ᠡᠪᠦᠷᠯᠡᠨ ᠡᠭᠦᠷᠭᠡ ᠲᠤᠰᠢᠶᠠᠯ ᠢᠶᠠᠨ ᠭᠦᠢᠴᠡᠳᠬᠡᠨ ᠰᠠᠨᠠᠯ ᠵᠥᠪᠯᠡᠯᠭᠡ ᠳᠤᠷᠠᠳᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃    ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠶᠤᠸᠠᠢ ᠰᠥᠩ ᠱᠠᠨ᠂ ᠳᠡᠳ᠋ ᠲᠡᠷᠢᠭᠦᠯᠡᠭᠴᠢ ᠴᠧᠨ ᠹᠧᠩ ᠬᠤᠸᠠ᠂ ᠵᠠᠩ ᠭᠦᠸᠧ ᠵᠢᠶᠦ᠋ᠨ᠂ ᠾᠧᠦ ᠬᠠᠢ ᠱᠠᠨ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠧᠢ ᠷᠦᠩ ᠱᠧᠩ ᠬᠤᠷᠠᠯ ᠳᠤ ᠣᠷᠣᠯᠴᠠᠵᠠᠢ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠠᠯ ᠳᠤ ᠣᠷᠣᠯᠴᠠᠵᠤ ᠪᠠᠶᠠᠷ  ᠤᠨ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠯᠢᠦ ᠬᠠᠢ ᠲᠤᠸ᠂ ᠸᠠᠩ ᠵᠢᠶᠠ ᠪᠥᠸᠧ᠂ ᠳ᠋ᠢᠩ ᠪᠥᠸᠧ ᠵᠡᠷᠭᠡ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠤᠳᠤᠷᠢᠳᠤᠯᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ ᠃ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 246 ᠬᠥᠮᠥᠨ᠂ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 209 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃    ᠶᠤᠸᠠᠢ ᠰᠥᠩ ᠱᠠᠨ ᠤᠯᠤᠰ ᠲᠥᠷᠥ  ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ  ᠶᠢᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ︽ᠤᠯᠤᠰ ᠲᠥᠷᠥ  ᠶᠢᠨ ᠵᠥᠪᠯᠡᠯᠭᠡᠨ ᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ  ᠶᠢᠨ ᠬᠤᠷᠢᠶᠠᠨ ᠤ ᠠᠵᠢᠯ ᠤᠨ ᠢᠯᠡᠳᠬᠡᠯ︾ ᠬᠢᠪᠡ᠃    ᠶᠤᠸᠠᠢ ᠰᠦᠩ ᠱᠠᠨ ᠵᠢᠭᠠᠵᠤ ᠭᠠᠷᠭᠠᠭᠰᠠᠨ ᠨᠢ     2023 ᠣᠨ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠤᠯᠤᠰ ᠲᠥᠷᠥ ᠶᠢᠨ ᠵᠣᠭᠰᠣᠴᠠ ᠲᠠᠢ᠂ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠭᠦᠨᠴᠡ ᠲᠠᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠴᠢᠮ ᠲᠠᠢ᠂ ᠨᠡᠶᠢᠭᠡᠮ ᠤᠨ ᠨᠥᠯᠥᠭᠡ ᠪᠠᠷ ᠥᠷᠭᠡᠴᠡ ᠲᠠᠢ᠂ ᠡᠯ᠎ᠡ ᠡᠲᠡᠭᠡᠳ ᠲᠤ ᠦᠢᠯᠡᠴᠢᠯᠡᠬᠦ ᠬᠠᠯᠠᠭᠤᠨ ᠳᠤᠯᠠᠭᠠᠨ ︽ᠲᠠᠪᠤᠨ ᠳᠡᠰ ᠤᠨ ᠤᠯᠤᠰ ᠲᠥᠷᠥ ᠶᠢᠨ ᠵᠥᠪᠯᠡᠯᠭᠡᠨ︾ ᠢ ᠴᠢᠷᠮᠠᠶᠢᠨ ᠪᠠᠶᠢᠭᠤᠯᠤᠨ᠎ᠠ ᠭᠡᠵᠡᠢ᠃    2024 ᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠶᠤᠸᠠᠢ ᠰᠥᠩ ᠱᠠᠨ ᠴᠢᠬᠤᠯᠠᠴᠢᠯᠠᠭᠰᠠᠨ ᠨᠢ    ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠬᠦᠴᠦ ᠨᠡᠮᠡᠷᠢᠯᠡᠵᠦ᠂ ︽ᠵᠢᠷᠭᠤᠭᠠᠨ ᠢᠨᠵᠧᠨᠧᠷᠢᠩ︾ ︽ᠭᠤᠷᠪᠠ  ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ︽ᠲᠠᠪᠤᠨ ᠳᠡᠰ ᠤᠨ ᠤᠯᠤᠰ ᠲᠥᠷᠥ  ᠶᠢᠨ ᠵᠥᠪᠯᠡᠯᠭᠡᠨ︾ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ  ᠶᠢᠨ ᠲᠠᠨᠢᠯᠲᠠ ᠶᠢ ᠨᠢᠭᠲᠠᠷᠠᠭᠤᠯᠬᠤ ᠴᠢᠳᠠᠪᠤᠷᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ   ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ  ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃    ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠪᠦᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠮᠠᠰᠢ ᠣᠯᠠᠨ ᠴᠢᠨᠠᠷ ᠴᠢᠨᠰᠠᠭ᠎ᠠ ᠲᠠᠢ ᠰᠠᠨᠠᠯ ᠰᠠᠨᠠᠭᠤᠯᠭ᠎ᠠ ᠳᠤᠷᠠᠳᠴᠤ᠂ ᠪᠦᠯᠬᠦᠮᠳᠡᠯ ᠠᠷᠠᠳᠴᠢᠯᠠᠯ ᠲᠠᠢ᠂ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠬᠤ᠂ ᠥᠷᠨᠢᠩᠭᠦᠢ ᠬᠥᠭᠵᠢᠬᠦ ᠰᠢᠨ᠎ᠡ ᠪᠠᠶᠢᠳᠠᠯ ᠢ ᠤᠯᠠᠮ ᠨᠢᠭᠡ ᠠᠯᠬᠤᠮ ᠨᠡᠭᠡᠭᠡᠨ ᠥᠷᠭᠡᠳᠬᠡᠵᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠪᠡ ᠭᠡᠵᠡᠢ᠃    ᠰᠦᠨ ᠱᠤ᠋ ᠲᠤᠤ ᠴᠢᠬᠤᠯᠠᠴᠢᠯᠠᠭᠰᠠᠨ ᠨᠢ    2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠃ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠭᠦ ᠬᠤᠰᠢᠭᠤᠨ ᠤ ᠠᠷᠠᠳ ᠲᠦᠮᠡᠨ ᠲᠠᠢ ᠬᠠᠮᠲᠤ ᠪᠠᠷ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠰᠢᠨ᠎ᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠲᠡᠷᠢᠭᠦᠨ ᠴᠢᠬᠤᠯᠠ ᠡᠭᠦᠷᠭᠡ ᠶᠢ ᠨᠢᠭᠲᠠ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠶᠡᠭᠡ ᠬᠤᠷᠠᠯ ᠳᠤ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ  ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ  ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠬᠢᠪᠡ ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠬᠤᠶᠠᠳᠤᠭᠠᠷ ᠬᠤᠷᠠᠯᠳᠤᠭᠠᠨ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠡᠶᠢᠲᠡ 121 ᠰᠠᠨᠠᠯ ᠳᠤᠷᠠᠳᠤᠯᠭ᠎ᠠ ᠳᠤᠷᠠᠳᠴᠤ᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠺᠣᠮᠢᠰ ᠢᠶᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ 121 ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠳᠡᠩᠰᠡᠯᠡᠵᠦ᠂ ᠡᠮᠬᠢᠳᠬᠡᠨ ᠲᠥᠷᠥᠯᠵᠢᠭᠦᠯᠦᠭᠡᠳ ᠲᠠᠪᠤᠨ ᠶᠡᠭᠡ ᠲᠥᠷᠥᠯ ᠳᠤ 108 ᠬᠤᠪᠢ ᠬᠤᠪᠢᠶᠠᠵᠤ᠂ ᠨᠢᠭᠡᠨᠲᠡ ᠪᠦᠬᠦᠨ ᠢ ᠰᠢᠢᠳᠪᠦᠷᠢᠯᠡᠨ ᠬᠠᠷᠢᠭᠤᠯᠲᠠ ᠥᠭᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠪᠠ ᠦᠨᠳᠦᠰᠦᠨ ᠳᠡᠭᠡᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ 100% ᠳᠤ ᠬᠦᠷᠴᠦ᠂ ᠣᠯᠠᠩᠬᠢ ᠰᠠᠨᠠᠯ ᠳᠤᠷᠠᠳᠤᠯᠭ᠎ᠠ ᠳᠤ ᠳᠤᠷᠠᠳᠤᠭᠰᠠᠨ ᠰᠠᠨᠠᠯ ᠢ ᠭᠥᠯᠢᠶᠡᠨ ᠠᠪᠴᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ᠂ ᠡᠯ᠎ᠡ ᠵᠦᠢᠯ ᠤᠨ ᠠᠵᠢᠯ ᠦᠢᠯᠡᠰ ᠤᠨ ᠳᠠᠪᠰᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号