ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/13
   ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃    ᠪᠣᠯᠪᠠᠰᠤᠷᠠᠭᠤᠯᠤᠯ ᠳᠤ ᠣᠨᠣᠯ ᠢᠶᠠᠷ ᠬᠢᠴᠢᠶᠡᠯᠯᠡᠬᠦ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠣᠨᠣᠯ ᠤᠨ ᠮᠡᠳᠡᠯᠭᠡ᠂ ᠭᠠᠯ ᠤᠨᠲᠠᠷᠠᠭᠠᠬᠤ ᠮᠠᠰᠢᠨ ᠪᠠᠭᠠᠵᠢ ᠶᠢᠨ ᠬᠡᠷᠡᠭᠯᠡᠯᠲᠡ ᠬᠢᠭᠡᠳ ᠬᠠᠮᠠᠭᠠᠯᠠᠯᠲᠠ ᠶᠢᠨ ᠪᠣᠳᠠᠲᠤ ᠲᠠᠮᠢᠷ ᠵᠡᠷᠭᠡ ᠲᠠᠯ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠮᠠᠰᠢ ᠴᠢᠩᠭ᠎ᠠ ᠵᠢᠯᠤᠭᠤᠳᠬᠤ ᠴᠢᠨᠠᠷ ᠲᠠᠢ ᠶᠤᠮ᠃    ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠰᠢᠭᠤᠨ ᠤ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠲᠦᠷᠭᠡᠨ ᠲᠤᠰᠬᠠᠯ ᠪᠠ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠠᠵᠢᠯ ᠤᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠪᠠ ᠠᠶᠤᠯ ᠠᠴᠠ ᠵᠠᠶᠢᠯᠠᠬᠤ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠴᠢᠳᠠᠪᠤᠷᠢ ᠶᠢᠨ ᠬᠢᠷᠢ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠂ ᠬᠢᠩᠭᠠᠨ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠥᠷᠲᠡᠭᠡ᠂ ᠬᠢᠩᠭᠠᠨ ᠠᠶᠢᠮᠠᠭ ᠤᠨ ᠣᠶ ᠰᠢᠭᠤᠢ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ︵ᠥᠷᠲᠡᠭᠡ︶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠳ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号