ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/13
   ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃    ᠪᠣᠯᠪᠠᠰᠤᠷᠠᠭᠤᠯᠤᠯ ᠳᠤ ᠣᠨᠣᠯ ᠢᠶᠠᠷ ᠬᠢᠴᠢᠶᠡᠯᠯᠡᠬᠦ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠰᠠᠭᠤᠷᠢ ᠣᠨᠣᠯ ᠤᠨ ᠮᠡᠳᠡᠯᠭᠡ᠂ ᠭᠠᠯ ᠢ ᠤᠨᠲᠠᠷᠠᠭᠠᠬᠤ ᠮᠠᠰᠢᠨ ᠪᠠᠭᠠᠵᠢ ᠶᠢᠨ ᠬᠡᠷᠡᠭᠯᠡᠯᠲᠡ ᠬᠢᠭᠡᠳ ᠬᠠᠮᠠᠭᠠᠯᠠᠯᠲᠠ ᠶᠢᠨ ᠪᠣᠳᠠᠲᠤ ᠲᠠᠮᠢᠷ ᠵᠡᠷᠭᠡ ᠲᠠᠯ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠮᠠᠰᠢ ᠴᠢᠩᠭ᠎ᠠ ᠵᠢᠯᠤᠭᠤᠳᠬᠤ ᠴᠢᠨᠠᠷ ᠲᠠᠢ ᠶᠤᠮ᠃    ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠰᠢᠭᠤᠨ ᠤ ᠭᠠᠯ ᠢ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠲᠦᠷᠭᠡᠨ ᠲᠤᠰᠬᠠᠯ ᠪᠠ ᠰᠢᠨᠵᠢᠯᠡᠬᠦ ᠤᠬᠠᠭᠠᠨᠴᠢ ᠪᠠᠷ ᠭᠠᠯ ᠢ ᠤᠨᠲᠠᠷᠠᠭᠠᠬᠤ ᠠᠵᠢᠯ ᠤᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠭᠠᠯ ᠢ ᠤᠨᠲᠠᠷᠠᠭᠠᠬᠤ ᠠᠩᠭᠢ ᠶᠢᠨ ᠭᠡᠰᠢᠭᠦᠳ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠪᠠ ᠠᠶᠤᠯ ᠠᠴᠠ ᠵᠠᠶᠢᠯᠠᠬᠤ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠴᠢᠳᠠᠪᠤᠷᠢ ᠶᠢᠨ ᠬᠢᠷᠢ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠂ ᠬᠢᠩᠭᠠᠨ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠥᠷᠲᠡᠭᠡ᠂ ᠬᠢᠩᠭᠠᠨ ᠠᠶᠢᠮᠠᠭ ᠤᠨ ᠣᠶ ᠰᠢᠭᠤᠢ ᠶᠢᠨ ᠭᠠᠯ ᠢ ᠤᠨᠲᠠᠷᠠᠭᠠᠬᠤ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ ︵ᠥᠷᠲᠡᠭᠡ︶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠭᠠᠯ ᠢ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠳ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号