ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/3/14
   3 ᠰᠠᠷ᠎ᠠ ᠶᠢᠨ 13 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠬᠤᠷᠴᠢᠨ ᠰᠣᠶᠣᠯ ᠤᠨ ᠲᠥᠪ ᠲᠤ ᠠᠮᠵᠢᠯᠲᠠ ᠲᠠᠢ ᠦᠨᠳᠦᠷᠯᠡᠪᠡ᠃    ᠶᠡᠭᠡ ᠬᠤᠷᠠᠯ ᠲᠡᠭᠦᠰᠬᠦ ᠠᠴᠠ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠪᠥᠬᠦᠳᠡ ᠬᠤᠷᠠᠯ ᠬᠤᠷᠠᠯᠳᠤᠭᠤᠯᠵᠤ᠂ ᠶᠡᠭᠡ ᠬᠤᠷᠠᠯ ᠠᠴᠠ ᠸᠧᠢ ᠷᠦᠩ ᠱᠧᠩ ᠢ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠰᠠᠨ ᠤ ᠬᠠᠮᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 6 ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃    ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠶᠤᠸᠠᠢ ᠰᠥᠩ ᠱᠠᠨ᠂ ᠳᠡᠳ᠋ ᠲᠡᠷᠢᠭᠦᠯᠡᠭᠴᠢ ᠴᠧᠨ ᠹᠧᠩ ᠬᠤᠸᠠ᠂ ᠵᠠᠩ ᠭᠦᠸᠧ ᠵᠢᠶᠦ᠋ᠨ᠂ ᠾᠧᠦ ᠬᠠᠢ ᠱᠠᠨ᠂ ᠸᠧᠢ ᠷᠦᠩ ᠱᠧᠩ ᠬᠤᠷᠠᠯ ᠳᠤ ᠣᠷᠣᠯᠴᠠᠵᠠᠢ᠃ ᠬᠤᠰᠢᠭᠤᠨ ᠤ ᠤᠳᠤᠷᠢᠳᠤᠯᠭ᠎ᠠ ᠰᠦᠨ ᠱᠤ᠋ ᠲᠤᠸ᠂ ᠸᠠᠩ ᠵᠢᠶᠠ ᠪᠥᠸᠧ᠂ ᠯᠢ ᠹᠠᠩ᠂ ᠸᠠᠩ ᠮᠧᠩ᠂ ᠵᠠᠩ ᠵᠢᠶᠦ᠋ᠨ ᠢᠦᠢ᠂ ᠵᠣᠣ ᠬᠤᠩ ᠪᠢᠨ᠂ ᠯᠢ ᠶᠣᠣ ᠵᠢᠶᠧ ᠵᠡᠷᠭᠡ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠲᠡᠭᠦᠰᠬᠦ ᠶᠣᠰᠣᠯᠠᠯ  ᠢ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧᠦ ᠬᠠᠢ ᠱᠠᠨ ᠡᠷᠭᠢᠯᠡᠵᠡᠶ ᠃ ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 246 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 194 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃    ᠬᠤᠷᠠᠯ  ᠠᠴᠠ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠠᠴᠠ ᠨᠠᠰᠢᠬᠢ ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠨ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ  ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢᠳᠡᠭ ᠰᠠᠨᠠᠯ ᠳᠤᠷᠠᠳᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠬᠦ ᠲᠡᠷᠢᠭᠦᠨ ᠤ ᠨᠢᠭᠡᠴᠡ᠂ ᠰᠢᠯᠢᠳᠡᠭ ᠭᠡᠰᠢᠭᠦᠨ ᠤ ᠠᠵᠢᠯᠯᠠᠭᠠᠨ ᠤ ᠳᠤᠭᠤᠶᠢᠯᠠᠩ  ᠢ ᠬᠥᠬᠢᠭᠦᠯᠦᠨ ᠰᠠᠶᠢᠰᠢᠶᠠᠵᠤ᠂  ︽ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ︽ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠪᠠᠶᠢᠩᠭᠤ ᠶᠢᠨ ᠠᠵᠢᠯ ᠤᠨ ᠢᠯᠡᠳᠬᠡᠯ ᠤᠨ ᠰᠢᠢᠳᠪᠦᠷᠢ︾ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠠᠬᠢᠭᠤᠯᠬᠤ ᠲᠤᠬᠠᠢ ᠤᠯᠤᠰ ᠲᠥᠷᠥ ᠶᠢᠨ ᠵᠥᠪᠯᠡᠯᠭᠡᠨ ᠤ ᠬᠤᠷᠢᠶ᠎ᠠ ᠶᠢᠨ ᠰᠢᠢᠳᠪᠦᠷᠢ︾ ︽ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ︾ ᠬᠢᠨᠠᠨ ᠵᠥᠪᠯᠡᠵᠦ ᠪᠠᠲᠤᠯᠠᠪᠠ᠃ᠶᠤᠸᠠᠢ ᠰᠦᠩ ᠱᠠᠨ ᠲᠡᠭᠦᠰᠬᠦ ᠶᠠᠷᠢᠶ᠎ᠠ ᠲᠠᠯᠪᠢᠪᠠ᠃    ᠶᠤᠸᠠᠢ ᠰᠦᠩ ᠱᠠᠨ  ᠢᠯᠡᠳᠭᠡᠭᠰᠡᠨ ᠨᠢ   ᠬᠤᠷᠠᠯ ᠤᠨ ᠬᠤᠭᠤᠴᠠᠭᠠᠨ ᠳᠤ᠂ ᠭᠡᠰᠢᠭᠦᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠡᠭᠦᠷᠭᠡᠲᠦ ᠰᠡᠳᠬᠢᠯᠭᠡ ᠪᠠᠷ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠵᠥᠪᠯᠡᠬᠦ ᠰᠡᠳᠦᠪ ᠪᠠ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ ᠬᠠᠯᠠᠭᠤᠨ ᠢᠶᠠᠷ ᠶᠠᠷᠢᠯᠴᠠᠵᠤ᠂ ᠤᠯᠠᠨ ᠢᠶᠠᠷ ᠢᠶᠠᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠪᠣᠳᠠᠲᠠᠢ ᠶᠢ ᠡᠷᠬᠢᠮᠯᠡᠭᠰᠡᠨ ᠰᠠᠨᠠᠭᠤᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠶᠠᠷᠢᠯᠴᠠᠭ᠎ᠠ ᠪᠠ ᠰᠠᠨᠠᠯ ᠳᠤᠷᠠᠳᠤᠯᠭ᠎ᠠ ᠪᠠᠷ ᠲᠠᠮᠵᠢᠨ ᠪᠦᠭᠦ ᠬᠤᠰᠢᠭᠤᠨ ᠤ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠠᠷᠠᠳ ᠤᠨ ᠤᠯᠤᠰ ᠲᠦᠷᠤ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠠᠷᠭ᠎ᠠ ᠵᠠᠮ ᠪᠣᠯᠬᠤ ᠴᠢᠬᠤᠯᠠ ᠪᠠᠶᠢᠷᠢ ᠰᠠᠭᠤᠷᠢ ᠶᠢ ᠲᠤᠪᠤᠶᠢᠯᠭᠠᠪᠠ᠃    ᠶᠤᠸᠠᠢ ᠰᠥᠩ ᠱᠠᠨ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠺᠠᠳ᠋ᠷᠴᠤᠳ ᠠᠵᠢᠯ ᠳᠠᠭᠠᠨ ᠢᠳᠡᠪᠬᠢᠲᠡᠢ ᠣᠷᠣᠯᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠪᠠ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠥᠨᠳᠥᠷ ᠣᠷᠭᠢᠯ ᠳᠤ ᠵᠣᠷᠢᠭᠲᠠᠢ ᠪᠠᠷ ᠠᠪᠠᠷᠢᠬᠤ ᠵᠣᠷᠢᠭ ᠰᠠᠨᠠᠭ᠎ᠠ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃    ᠶᠤᠸᠠᠢ ᠰᠦᠩ ᠱᠠᠨ ᠴᠢᠬᠤᠯᠠᠴᠢᠯᠠᠭᠰᠠᠨ ᠨᠢ    ᠭᠡᠰᠢᠭᠦᠳ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠤᠯᠲᠠ ᠶᠢᠨ ᠲᠡᠷᠢᠭᠦᠨ ᠪᠠᠶᠢᠷᠢ ᠶᠢ ᠪᠠᠷᠢᠮᠲᠠᠯᠠᠨ᠂ ᠨᠠᠮ ᠤᠨ ᠤᠳᠤᠷᠢᠳᠤᠯᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠥᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠲᠤᠭᠤᠰᠢᠯᠠᠭᠤᠯᠤᠨ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠃ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠴᠡᠭᠡᠵᠢᠯᠡᠵᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠨᠡᠮᠡᠷᠢᠯᠡᠨ᠎ᠡ᠃ ᠰᠢᠨ᠎ᠡ ᠶᠢ ᠡᠭᠦᠳᠬᠦ ᠬᠥᠭᠵᠢᠯᠲᠡ ᠶᠢᠨ ᠦᠵᠡᠯ ᠤᠬᠠᠮᠰᠠᠷ ᠢ ᠴᠢᠩᠭᠠᠳᠬᠠᠵᠤ᠂ ᠦᠨᠳᠦᠰᠦᠨ ᠱᠠᠲᠤᠨ ᠤ ᠵᠥᠪᠳᠡᠯᠴᠡᠭᠡ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠤᠯᠤᠰ ᠲᠦᠷᠦ ᠶᠢᠨ ᠵᠥᠪᠯᠡᠯᠭᠡ ᠬᠢᠬᠦ ᠰᠢᠨ᠎ᠡ ᠬᠦᠷᠢᠶ᠎ᠡ ᠶᠢ ᠥᠷᠭᠡᠳᠬᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠰᠢᠨ᠎ᠡ ᠬᠡᠯᠪᠡᠷᠢ ᠶᠢ ᠬᠠᠶᠢᠨ ᠰᠦᠪᠡᠭᠴᠢᠯᠡᠵᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠰᠢᠨ᠎ᠡ ᠠᠷᠭ᠎ᠠ ᠵᠠᠮ ᠢ ᠦᠢᠯᠡᠳᠦᠯᠭᠡᠵᠢᠭᠦᠯᠦᠨ᠂ ︽ᠤᠴᠢᠷ ᠶᠠᠪᠤᠳᠠᠯ ᠪᠠᠶᠢᠪᠠᠯ ᠰᠠᠶᠢᠲᠤᠷ ᠵᠥᠪᠳᠡᠯᠴᠡᠬᠦ︾ ᠵᠥᠪᠯᠡᠯᠭᠡᠨ ᠤ ᠲᠦᠷᠦᠯ ᠲᠡᠮᠳᠡᠭ ᠢ ᠪᠤᠢ ᠪᠣᠯᠭᠠᠵᠤ᠂ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠵᠤ᠂ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠬᠦ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠣᠷᠣᠨ ᠤ ᠳᠣᠲᠣᠷ᠎ᠠ ᠭᠠᠳᠠᠨᠠᠬᠢ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ  ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠷᠠᠳᠴᠢᠯᠠᠯ ᠪᠠ ᠪᠦᠯᠬᠦᠮᠳᠡᠯ ᠤᠨ ᠭᠤᠣᠯ ᠰᠡᠳᠦᠪ ᠤᠨ ᠲᠣᠭᠤᠷᠢᠨ ᠳᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠨ᠎ᠡ᠃ ᠰᠡᠳᠬᠢᠯ ᠨᠢᠭᠡᠳᠦᠨ ᠪᠦᠯᠬᠦᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢ ᠲᠦᠯᠬᠢᠨ ᠠᠬᠢᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢᠶᠠᠷ ᠭᠤᠣᠯᠯᠠᠭᠤᠯᠤᠨ᠂ ᠭᠡᠰᠢᠭᠦᠳ ᠪᠠ ᠡᠯ᠎ᠡ ᠡᠲᠡᠭᠡᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠤᠶᠤᠨ ᠤᠬᠠᠭᠠᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ ᠰᠠᠶᠢᠲᠤᠷ ᠠᠵᠢᠯᠯᠠᠨ᠎ᠠ᠃ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠬᠢᠬᠦ ᠦᠷᠳᠡᠭ ᠤᠨ ᠬᠥᠭᠡᠭᠡᠴᠡᠯᠳᠦᠯ ᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠤᠳᠠᠰᠤ ᠶᠢ ᠨᠢ ᠣᠨᠣᠴᠢᠲᠠᠢ ᠡᠵᠡᠮᠳᠡᠵᠦ᠂ ᠵᠠᠩᠭᠢᠯᠠᠭ᠎ᠠ ᠶᠢ ᠨᠢ ᠣᠯᠵᠤ᠂ ︽ᠵᠣᠷ︾ ᠢ ᠨᠢ ᠰᠠᠶᠢᠲᠤᠷ ᠪᠢᠴᠢᠨ᠎ᠡ᠃ ᠦᠨᠳᠦᠰᠦᠨ ᠱᠠᠲᠤᠨ ᠤ ᠨᠢᠭᠡᠳᠦᠭᠡᠷ ᠹᠷᠣᠨᠲ᠂ ᠣᠯᠠᠨ ᠲᠦᠮᠡᠨ ᠤ ᠳᠤᠮᠳᠠ ᠬᠦᠷᠴᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠦᠨ᠂ ᠵᠠᠰᠠᠭ ᠤᠨ ᠣᠷᠳᠣᠨ ᠤ ᠠᠵᠢᠯ ᠢᠶᠠᠨ ᠥᠷᠨᠢᠭᠦᠯᠬᠦ ᠳᠤ ᠬᠠᠮᠵᠢᠯᠴᠠᠨ᠎ᠠ᠃ ᠪᠣᠳᠠᠲᠠᠢ ᠠᠵᠢᠯ ᠢ ᠢᠯᠡᠭᠦᠬᠡᠨ ᠬᠢᠵᠦ᠂ ᠲᠦᠪᠰᠢᠷᠡᠨ ᠪᠦᠯᠬᠦᠮᠳᠡᠭᠰᠡᠨ ᠨᠡᠶᠢᠭᠡᠮ ᠤᠨ ᠣᠷᠴᠢᠨ ᠲᠣᠭᠤᠷᠢᠨ ᠢ ᠪᠠᠬᠢᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠪᠠᠨ ᠭᠦᠢᠴᠡᠳᠬᠡᠨ᠎ᠡ᠃         ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ᠂ ᠭᠡᠰᠢᠭᠦᠳ ᠤᠨ ᠡᠩᠨᠡᠭᠡ ᠪᠠ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠠᠷᠭ᠎ᠠ ᠭᠡᠰᠢᠭᠦᠳ ᠤᠨ ᠰᠤᠷᠤᠯᠴᠠᠯᠭ᠎ᠠ ᠪᠠ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠭᠤᠯᠭ᠎ᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠰᠬᠠᠢ ᠵᠥᠪᠯᠡᠯ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠣᠷᠢᠭᠲᠠᠢ ᠪᠠᠷ ᠡᠭᠦᠷᠭᠡᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ ︽ᠪᠢᠴᠢᠭ ᠤᠨ ᠰᠤᠷᠪᠤᠯᠵᠢᠲᠤ ᠤᠯᠤᠰ ᠲᠦᠷᠦ ᠶᠢᠨ ᠵᠥᠪᠯᠡᠯᠭᠡᠨ︾ ᠤ ᠨᠡᠷᠡᠳᠤ ᠲᠡᠮᠳᠡᠭ ᠢ ᠡᠭᠦᠳᠴᠦ᠂ ᠨᠣᠮ ᠤᠩᠰᠢᠭᠰᠠᠨ ᠦᠷ᠎ᠡ ᠪᠦᠲᠦᠭᠡᠯ ᠢᠶᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠰᠠᠨᠠᠯ ᠵᠥᠪᠯᠡᠯᠭᠡ ᠳᠤᠷᠠᠳᠤᠭᠰᠠᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ ᠭᠡᠵᠡᠢ᠃    ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠢᠯᠠᠯᠲᠠ ᠲᠠᠢ ᠪᠠᠷ  ᠦᠨᠳᠦᠷᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号