ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/21
   ᠣᠶᠢᠷ᠎ᠠ ᠶᠢᠨ ᠡᠳᠦᠷ ᠤᠳ ᠲᠤ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠠᠮᠵᠢᠭᠤᠯᠬᠤ︾ ᠶᠢᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ᠂ ᠡᠯ᠎ᠡ ᠬᠦᠷᠢᠶᠡᠨ ᠤ ᠲᠤᠰᠬᠠᠢ ᠮᠡᠷᠭᠡᠵᠢᠯᠲᠡᠳ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠲᠠᠷᠢᠶᠠᠨ ᠭᠠᠵᠠᠷ ᠲᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯ ᠲᠡᠵᠢᠭᠡᠪᠦᠷᠢ ᠶᠢ ᠬᠥᠭᠵᠢᠭᠦᠯᠬᠦ ᠳᠤ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠨᠥᠬᠦᠴᠡᠯ ᠪᠠ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠶᠤᠮ᠃ ᠳᠡᠪᠰᠡᠭ ᠪᠠᠯᠭᠠᠰᠤᠨ ᠤ ᠤᠯᠠᠰᠳᠠᠢ ᠭᠠᠴᠠᠭᠠᠨ ᠤ ᠬᠤᠨᠢᠨ ᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠥᠰᠰᠤᠷ ᠸᠠᠩ ᠪᠢᠩ ᠮᠠᠯᠴᠢᠨ ᠲᠠᠷᠢᠶᠠᠴᠢᠨ ᠳᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠠᠪᠤᠴᠠ ᠳᠤ ᠲᠣᠬᠢᠶᠠᠯᠳᠤᠭᠰᠠᠨ ᠮᠡᠷᠭᠡᠵᠢᠯ ᠤᠨ ᠠᠰᠠᠭᠤᠳᠠᠯ ᠢ ᠲᠠᠶᠢᠯᠪᠤᠷᠢᠯᠠᠨ ᠥᠭᠴᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠵᠢᠴᠢ ᠠᠮᠢᠲᠠᠨ ᠤ ᠬᠢᠵᠢᠭ ᠢ ᠰᠡᠷᠭᠡᠶᠢᠯᠡᠬᠦ ᠪᠠ ᠬᠥᠮᠥᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠬᠢᠨ ᠰᠠᠶᠢᠲᠤᠷ ᠬᠢᠬᠦ ᠲᠤᠬᠠᠢ ᠲᠠᠶᠢᠯᠪᠤᠷᠢᠯᠠᠨ ᠶᠠᠷᠢᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃    ᠸᠠᠩ ᠪᠢᠩ᠄ ︽ᠡᠨᠡ ᠤᠳᠠᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠂ ᠡᠨᠡ ᠵᠢᠯ ᠤᠨ ᠬᠤᠶᠠᠷ ᠬᠤᠷᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ ᠭᠡᠬᠦ ᠤᠬᠠᠭᠳᠠᠬᠤᠨ ᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠪᠣᠯᠤᠭᠰᠠᠨ ᠤ ᠬᠤᠪᠢ ᠳᠤ᠂ ᠥᠪᠡᠷ ᠤᠨ ᠲᠤᠰᠬᠠᠢ ᠮᠡᠷᠭᠡᠵᠢᠯ ᠢᠶᠠᠷ ᠢᠶᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠃︾ ᠭᠡᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯᠲᠡᠨ ᠪᠠᠰᠠ ᠡᠷᠬᠢᠨ ᠲᠣᠭᠤᠷᠢᠨ ᠤ ᠰᠤᠮᠤ ᠰᠢᠶᠠᠩ ᠪᠠᠯᠭᠠᠰᠤ ᠶᠢᠨ 50 ᠭᠠᠷᠤᠢ ᠲᠡᠵᠢᠭᠡᠨ ᠦᠷᠡᠵᠢᠭᠦᠯᠬᠦ ᠡᠷᠦᠬᠡ ᠲᠠᠢ ︽ᠵᠠᠢ ᠵᠠᠪᠰᠠᠷ ᠦᠭᠡᠢ︾ ᠰᠣᠯᠢᠯᠴᠠᠭ᠎ᠠ ᠬᠢᠵᠦ᠂ ᠮᠠᠯ ᠤᠨ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠬᠦ ᠵᠡᠷᠭᠡ ᠠᠰᠠᠭᠤᠳᠠᠯ ᠤᠨ ᠲᠤᠬᠠᠢ ᠬᠠᠷᠢᠭᠤᠯᠲᠠ ᠥᠭᠪᠡ᠃    ᠣᠶᠢᠯᠠᠭᠠᠭᠰᠠᠨ ᠢᠶᠠᠷ᠂ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠳᠠᠮᠵᠢᠭᠤᠯᠬᠤ︾ ᠤᠨ ᠠᠵᠢᠯᠯᠠᠭ᠎ᠠ ᠪᠣᠯ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ ᠴᠢᠬᠤᠯᠠ ᠠᠵᠢᠯᠯᠠᠭ᠎ᠠ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤᠨ ᠳᠤ ᠣᠷᠣᠭᠤᠯᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠪᠣᠳᠠᠲᠤ ᠪᠠᠶᠢᠳᠠᠯ ᠲᠠᠢ ᠨᠠᠩ ᠣᠶᠢᠷᠠᠲᠤᠭᠤᠯᠵᠤ᠂ ᠠᠮᠢᠳᠤᠷᠠᠯ ᠲᠠᠢ ᠨᠠᠩ ᠣᠶᠢᠷᠠᠲᠤᠭᠤᠯᠵᠤ ᠂ ᠣᠯᠠᠨ ᠲᠦᠮᠡᠨ ᠲᠠᠢ ᠨᠠᠩ ᠣᠶᠢᠷᠠᠲᠤᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号