ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠤᠷᠰᠢᠯᠲᠠ ᠶᠢᠨ ᠠᠵᠢᠯ ᠤᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/21
   3 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠲᠤᠷᠰᠢᠯᠲᠠ ᠶᠢᠨ ᠴᠢᠭ ᠤᠨ ᠠᠵᠢᠯ ᠤᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠠᠰᠢᠭᠯᠠᠯᠲᠠ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ᠂ ᠰᠢᠨᠵᠢᠯᠡᠬᠦ ᠤᠬᠠᠭᠠᠨ ᠤ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠤᠷᠰᠢᠯᠲᠠ ᠶᠢᠨ ᠠᠵᠢᠯ ᠤᠨ ᠲᠥᠯᠥᠪᠯᠡᠭᠡ ᠶᠢ ᠰᠣᠨᠣᠰᠪᠠ᠃ ᠬᠤᠷᠠᠯ ᠳᠤ ᠣᠷᠣᠯᠴᠠᠭᠰᠠᠳ ᠬᠡᠷᠬᠢᠨ ᠡᠷᠴᠢᠮ ᠢᠶᠠᠨ ᠴᠢᠩᠭᠠᠷᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠬᠡᠲᠦᠷᠡᠲᠡᠯ᠎ᠡ ᠬᠢᠨᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠨᠤᠲᠤᠭ ᠤᠨ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠡᠯ᠎ᠡ ᠱᠠᠲᠤ ᠳᠠᠪᠬᠤᠷᠭ᠎ᠠ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠠᠳᠠᠯᠢ ᠴᠢᠭᠯᠡᠯ ᠢᠶᠠᠷ ᠬᠦᠴᠦᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠥᠷᠥᠯ ᠬᠡᠯᠪᠡᠷᠢ ᠶᠢᠨ ᠨᠤᠲᠤᠭ ᠪᠡᠯᠴᠢᠭᠡᠷ ᠢ ᠦᠨᠳᠦᠰᠦᠯᠡᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠲᠥᠰᠥᠭᠡᠯᠡᠨ ᠪᠤᠳᠤᠵᠤ᠂ ᠣᠲᠣ ᠶᠢᠨ ᠪᠠᠶᠢᠭ᠎ᠠ ᠪᠡᠯᠴᠢᠭᠡᠷᠯᠡᠭᠦᠯᠬᠦ ᠠᠷᠭ᠎ᠠ ᠮᠠᠶ᠋ᠢᠭ ᠢ ᠪᠣᠳᠣᠯᠬᠢᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠤᠬᠠᠢ ᠶᠢᠨ ᠭᠠᠵᠠᠷ ᠣᠷᠣᠨ ᠳᠤᠨᠢ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃    ᠬᠢᠩᠭᠠᠨ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠰᠡᠷᠳᠡᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠵᠡᠷᠭᠡ ᠲᠣᠭᠤᠷᠢᠭ᠂ ᠠᠶᠢᠮᠠᠭ᠂ ᠬᠤᠰᠢᠭᠤᠨ ᠤ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号