ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ  ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/25
   ᠲᠦᠷᠦᠭᠦᠬᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠡᠷᠬᠢᠲᠦ ᠳᠤᠮᠳᠠ ᠠᠩᠭᠢ ᠬᠠᠷᠢᠶᠠᠲᠤ ᠣᠷᠣᠨ ᠤ ᠥᠷᠭᠡᠨ ᠣᠯᠠᠨ ᠵᠢᠯᠣᠭᠤᠴᠢ ᠶᠢ ᠵᠣᠬᠢᠶᠠᠨ ᠪᠠᠶᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠭᠤᠷᠢᠨ ᠭᠠᠵᠠᠷ ᠲᠤ ᠣᠴᠢᠭᠤᠯᠵᠤ᠂ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠵᠢᠯᠣᠭᠤᠴᠢ ᠠᠷᠠᠳ ᠤᠨ ᠴᠠᠭᠳᠠᠭ᠎ᠠ ᠶᠢᠨ ᠵᠢᠯᠣᠭᠤᠳᠤᠯᠭ᠎ᠠ ᠳᠣᠣᠷ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠭᠤᠷᠢᠨ ᠭᠠᠵᠠᠷ ᠢ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠵᠠᠮ ᠬᠠᠷᠢᠯᠴᠠᠭᠠᠨ ᠤ ᠲᠡᠮᠳᠡᠭ ᠢ ᠢᠯᠭᠠᠨ ᠲᠠᠨᠢᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ᠂ ᠳᠠᠭᠤᠷᠢᠶᠠᠮᠠᠯ ᠵᠢᠯᠣᠭᠤᠳᠤᠯᠭ᠎ᠠ ᠶᠢ ᠪᠡᠶᠡᠴᠢᠯᠡᠨ ᠣᠶᠢᠯᠠᠭᠠᠬᠤ᠂ ᠵᠠᠮ ᠬᠠᠷᠢᠯᠴᠠᠭᠠᠨ ᠤ ᠭᠡᠨᠡᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠪᠠ ᠵᠠᠮ ᠬᠠᠷᠢᠯᠴᠠᠭᠠᠨ ᠤ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠠᠷᠠᠳ ᠤᠨ ᠴᠠᠭᠳᠠᠭ᠎ᠠ ᠨᠠᠷ ᠪᠠᠰᠠ ᠲᠣᠰ ᠪᠡᠶ᠎ᠡ ᠶᠢᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠵᠢᠯᠣᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠨ ᠥᠭᠴᠦ᠂ ᠵᠢᠯᠣᠭᠤᠴᠢ ᠶᠢ ᠬᠥᠮᠥᠵᠢᠭᠦᠯᠦᠨ ᠵᠢᠯᠤᠭᠤᠳᠴᠤ ᠪᠠᠶᠢᠭᠠᠳ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠪᠠ ᠳᠦᠷᠢᠮ ᠤᠨ ᠤᠬᠠᠮᠰᠠᠷ ᠢ ᠪᠣᠶ ᠪᠣᠯᠭᠠᠵᠤ᠂ ᠬᠤᠷᠳᠤᠴᠠ ᠬᠡᠲᠦᠷᠡᠬᠦ᠂ ᠠᠷᠢᠬᠢ ᠤᠤᠭᠤᠵᠤ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ ᠪᠠᠶᠢᠭᠤᠯᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号