ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/25
   3 ᠰᠠᠷ᠎ᠠ ᠶᠢᠨ 22 ᠤᠨ ᠡᠳᠦᠷ᠂ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ ᠫᠠᠶᠢᠰᠠ ᠰᠡᠬᠦᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ᠫᠠᠶᠢᠰᠠ ᠰᠡᠬᠦᠬᠦ ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠫᠠᠶᠢᠰᠠ ᠰᠡᠬᠦᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠦᠷᠳᠡᠭᠡ ᠶᠢ ᠲᠣᠭᠤᠷᠢᠨ ᠦᠵᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠣᠷᠣᠵᠤ ᠰᠠᠭᠤᠭᠰᠠᠨ ᠮᠡᠷᠭᠡᠵᠢᠯ ᠤᠨ ᠦᠷ᠎ᠡ ᠪᠦᠲᠦᠭᠡᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃    ᠣᠶᠢᠯᠠᠭᠠᠭᠰᠠᠨ ᠢᠶᠠᠷ᠂ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠨᠢ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠡᠪᠴᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠦᠢᠯᠡᠰ ᠪᠣᠰᠬᠠᠬᠤ ᠶᠢ ᠨᠢᠭᠡ ᠴᠣᠭᠴᠠᠵᠢᠭᠤᠯᠵᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠡᠨᠧᠷᠭᠢ ᠶᠢᠨ ᠰᠤᠷᠪᠤᠯᠵᠢ᠂ ᠮᠡᠳᠡᠭᠡ ᠵᠠᠩᠭᠢ ᠶᠢᠨ ᠮᠡᠷᠭᠡᠵᠢᠯ᠂ ᠵᠥᠭᠡᠯᠡᠨ ᠬᠡᠷᠡᠭᠰᠡᠯ ᠢ ᠨᠡᠭᠡᠭᠡᠨ ᠬᠥᠭᠵᠢᠭᠦᠯᠬᠦ᠂ ᠲᠤᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ ᠮᠠᠲ᠋ᠧᠷᠢᠶᠠᠯ ᠵᠡᠷᠭᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠦᠷᠳᠡᠭᠡᠯᠢᠭ ᠮᠠᠶ᠋ᠢᠭ ᠤᠨ᠂ ᠪᠦᠬᠦ ᠬᠡᠯᠬᠢᠶ᠎ᠡ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠴᠢᠯᠡᠭᠡ ᠪᠠᠷ ᠭᠤᠣᠯᠯᠠᠬᠤ ᠴᠢᠳᠠᠪᠤᠷᠢ ᠪᠠᠨ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠰᠢᠨ᠎ᠡ ᠥᠨᠳᠦᠷᠯᠢᠭ ᠢ ᠪᠠᠶᠢᠭᠤᠯᠪᠠ᠃ ᠣᠲᠣ ᠪᠣᠯᠲᠠᠯ᠎ᠠ᠂ 99 ᠠᠵᠤ ᠠᠬᠤᠶᠢᠯᠠᠯ ᠵᠢᠩᠬᠢᠨᠢ ᠪᠠᠷ ᠣᠷᠣᠵᠤ ᠰᠠᠭᠤᠭᠰᠠᠨ ᠪᠠᠶᠢᠨ᠎ᠠ᠃    ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦᠦ ᠰᠢᠸ ᠯᠠᠨ᠂ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠭᠤᠸ ᠠᠢ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠣᠣ ᠵᠢᠶᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠹᠦ᠋ ᠱᠧᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠠᠢ ᠳ᠋ᠢᠶᠠᠨ ᠲᠣᠭᠤᠷᠢᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠤᠰᠢᠶᠠᠯ ᠡᠭᠦᠷᠭᠡᠯᠡᠨ ᠠᠵᠢᠯᠯᠠᠵᠤ ᠪᠠᠶᠢᠭ᠎ᠠ ᠺᠠᠳ᠋ᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号