ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠩ ᠰᠢᠶᠣᠣ ᠪᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/3/26
   3 ᠰᠠᠷ᠎ᠠ ᠶᠢᠨ 22 ᠤᠨ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠣᠣ ᠪᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠱᠠᠭᠠᠷᠳᠠᠯᠭ᠎ᠠ ᠶᠢ ᠤᠯᠠᠮᠵᠢᠯᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠠᠩ ᠰᠢᠶᠣᠣ ᠪᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠤᠬᠠᠢ ᠳᠤᠷᠠᠳᠤᠭᠰᠠᠨ 10 ᠵᠦᠢᠯ ᠤᠨ ᠪᠣᠳᠠᠲᠠᠢ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠶᠡᠬᠡᠪᠡᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠭᠤᠣᠯᠯᠠᠭᠴᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠩᠨᠡᠭᠡᠨ ᠤ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠨᠢᠭᠡᠳᠦᠭᠡᠷ ᠱᠦᠵᠢ ᠪᠣᠯᠣᠨ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠪᠣᠯᠣᠨ ᠬᠢᠨᠠᠨ ᠰᠢᠯᠭᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠥᠨᠳᠥᠷ ᠲᠦᠪᠰᠢᠨ ᠪᠦᠬᠦᠢ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠤᠨ᠎ᠠ᠃ ᠣᠨᠴᠠᠯᠢᠭᠲᠤ ᠠᠵᠤ ᠦᠢᠯᠡᠰ ᠢ ᠭᠦᠨᠵᠡᠭᠡᠢ ᠠᠭᠤᠳᠠᠯᠵᠤ᠂ ᠣᠨᠴᠠᠯᠢᠭᠲᠤ ᠠᠵᠤ ᠠᠬᠤᠢ ᠶᠢ ᠬᠥᠭᠵᠢᠭᠦᠯᠦᠨ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠰᠠᠶᠢᠨ ᠰᠠᠶᠢᠬᠠᠨ ᠦᠵᠡᠮᠵᠢ ᠲᠠᠢ ᠵᠣᠬᠢᠴᠠᠭᠤᠯᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠳᠦᠷᠢᠮ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃     ᠪᠥᠬᠦ ᠬᠤᠰᠢᠭᠤᠨ ᠤ ᠳᠡᠳ᠋ ᠭᠠᠵᠠᠷ ᠤᠨ ᠲᠠᠰ  ᠠᠴᠠ ᠳᠡᠭᠡᠭᠰᠢᠬᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号