ᠣᠶᠢᠷ᠎ᠠ ᠳᠤ᠂ ᠮᠠᠨ ᠤ ᠤᠯᠤᠰ ᠤᠨ ᠶᠡᠬᠡᠩᠬᠢ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ ᠠᠵᠢᠯ ᠵᠠᠯᠭᠠᠭ᠎ᠠ ᠪᠠᠷ ᠳᠠᠭᠤᠰᠪᠠ᠃ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 25 ᠤ ᠡᠳᠦᠷ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠢ | ᠬᠤᠯᠪᠣᠭᠳᠠᠯ ᠪᠦᠬᠦᠢ ᠠᠩᠬᠠᠷᠤᠯ ᠴᠡᠭ ᠲᠤ ᠬᠠᠷᠢᠭᠤᠯᠲᠠ ᠥᠭᠪᠡ᠃ | 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ | ᠪᠠᠶᠢᠭᠤᠯᠤᠭᠳᠠᠬᠤ ᠦᠶ᠎ᠡ ᠶᠢᠨ ᠬᠥᠮᠥᠨ ᠪᠦᠷᠢ 10 ᠲᠥᠭᠦᠷᠢᠭ ᠤᠨ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠣᠳᠣ ᠶᠢᠨ | ᠬᠥᠮᠥᠨ ᠪᠦᠷᠢ 380 ᠲᠥᠭᠦᠷᠢᠭ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ | ᠪᠠᠷᠢᠮᠵᠢᠶ᠎ᠠ ᠬᠦᠷᠲᠡᠯᠡᠬᠢ 370 ᠲᠥᠭᠦᠷᠢᠭ ᠤᠨ ᠨᠡᠮᠡᠭᠳᠡᠯ ᠨᠢ ᠵᠣᠬᠢᠰᠲᠠᠢ ᠦᠦ ᠦᠭᠡᠢ ᠦᠦ︖ ᠠᠷᠠᠳ ᠤᠯᠠᠨ ᠳᠤ ᠶᠠᠭᠤ | ᠠᠪᠴᠢᠷᠠᠵᠤ ᠥᠭᠭᠦᠭᠰᠡᠨ ᠪᠤᠢ︖ | ᠰᠢᠨ᠎ᠡ ᠡᠮ ᠢ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶ᠎ᠡ ᠳᠤ ᠣᠷᠣᠭᠤᠯᠵᠤ ᠪᠠᠲᠤᠯᠠᠭ᠎ᠠ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠪᠡ | 10 ᠲᠥᠭᠦᠷᠢᠭ ᠠᠴᠠ 380 ᠲᠥᠭᠦᠷᠢᠭ ᠬᠦᠷᠲᠡᠯᠡᠬᠢ ᠨᠡᠮᠡᠭᠳᠡᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ | ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠳᠡᠭᠡᠭᠰᠢᠯᠡᠭᠰᠡᠨ ᠨᠢ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠲᠦᠪᠰᠢᠨ ᠨᠠᠩ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠠᠴᠠ ᠪᠣᠯᠵᠠᠢ ᠭᠡᠪᠡ᠃ | 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ | ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ 300 ᠭᠠᠷᠤᠶᠢᠬᠠᠨ ᠡᠮ ᠤᠨ ᠵᠦᠢᠯ ᠢ ᠳᠠᠩᠰᠠ ᠲᠠᠶᠢᠯᠬᠤ ᠪᠠᠶᠢᠭᠰᠠᠨ ᠪᠣᠯ | ᠣᠲᠣ 3088 ᠵᠦᠢᠯ ᠤᠨ ᠡᠮ ᠤᠨ ᠵᠦᠢᠯ ᠢ ᠡᠮᠴᠢᠯᠡᠭᠡᠨ ᠤ ᠳᠠᠭᠠᠳᠬᠠᠯ ᠳᠤ ᠣᠷᠣᠭᠤᠯᠵᠠᠢ︔ ᠴᠥᠭᠡᠨ ᠪᠤᠰᠤ ᠬᠠᠪᠤᠳᠠᠷ᠂ | ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ︽ᠰᠢᠪᠲᠤᠯᠤᠯᠲᠠ︾ ᠲᠠᠢ ᠪᠣᠯᠵᠤ᠂ ᠲᠣᠰ ᠲᠣᠰ 74 ᠵᠦᠢᠯ᠂ 80 | ᠭᠠᠷᠤᠢ ᠵᠦᠢᠯ ᠢ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠠᠢ ᠁ ᠣᠶᠢᠷ᠎ᠠ ᠶᠢᠨ ᠵᠢᠯ ᠤᠳ ᠲᠤ᠂ ᠨᠠᠩ | ᠣᠯᠠᠨ ᠡᠪᠡᠳᠴᠢᠲᠡᠳ ᠡᠮ ᠬᠤᠳᠠᠯᠳᠤᠨ ᠠᠪᠴᠤ ᠳᠡᠶᠢᠯᠬᠦ᠂ ᠡᠮ ᠤᠤᠭᠤᠵᠤ ᠳᠡᠶᠢᠯᠬᠦ ᠪᠣᠯᠵᠠᠢ᠃ | ᠪᠠᠮᠪᠠᠢ ᠪᠤᠯᠴᠢᠷᠬᠠᠢ ᠶᠢᠨ ᠡᠳ᠋ ᠤᠨ ᠤᠭᠤᠷᠠᠭ ᠤᠨ ᠴᠠᠷᠳᠠᠭᠤᠯ ᠬᠡᠯᠪᠡᠷᠢᠲᠦ ᠬᠤᠪᠢᠷᠠᠯᠲᠠ ᠲᠠᠢ ᠡᠪᠡᠳᠴᠢᠲᠡᠨ ᠪᠣᠯ | ᠳᠠᠷᠤᠢ ᠠᠰᠢᠭ ᠬᠥᠷᠲᠡᠭᠴᠢᠳ ᠤᠨ ᠨᠢᠭᠡ ᠨᠢ ᠮᠥᠨ᠂ ᠲᠡᠳᠡᠨ ᠢ ᠪᠠᠰᠠ ︽ᠴᠠᠷᠳᠠᠭᠤᠯ ᠬᠥᠮᠥᠨ︾ ᠭᠡᠳᠡᠭ᠂ ᠬᠡᠳᠦᠢ ᠪᠠᠷ ᠡᠮᠨᠡᠨ | ᠵᠠᠰᠠᠬᠤ ᠳᠤ ᠬᠡᠷᠡᠭᠯᠡᠬᠦ ᠡᠮ ᠾᠯᠣᠷᠲᠤ ᠪᠧᠨ᠋ᠽᠧᠨ᠋ᠽᠤᠯ ᠬᠦᠴᠢᠯ ᠢ 2020 ᠣᠨ ᠳᠤ ᠤᠯᠤᠰ ᠤᠨ ᠳᠣᠲᠣᠭᠠᠳᠤ ᠳᠤ ᠵᠠᠬ᠎ᠠ | ᠳᠡᠯᠭᠡᠭᠦᠷ ᠲᠤ ᠭᠠᠷᠭᠠᠭᠰᠠᠨ ᠪᠣᠯᠪᠠᠴᠤ ᠬᠠᠶᠢᠷᠴᠠᠭ ᠪᠦᠷᠢ ᠶᠢᠨ ᠦᠨ᠎ᠡ ᠨᠢ ᠬᠠᠷᠢᠨ 6 ᠲᠦᠮᠡᠨ ᠲᠥᠭᠦᠷᠢᠭ ᠲᠤ ᠬᠦᠷᠴᠦ᠂ | ᠴᠥᠭᠡᠨ ᠪᠤᠰᠤ ᠡᠪᠡᠳᠴᠢᠲᠡᠳ ᠢ ᠵᠣᠷᠢᠭ ᠮᠣᠬᠤᠭᠠᠬᠤ ᠳᠤ ᠬᠦᠷᠦᠭᠦᠯᠳᠡᠭ᠃ | ︽2021 ᠣᠨ ᠳᠤ ᠾᠯᠣᠷᠲᠤ ᠪᠧᠨ᠋ᠽᠧᠨ᠋ᠽᠤᠯ ᠬᠦᠴᠢᠯ ᠤᠨ ᠬᠡᠯᠡᠯᠴᠡᠭᠡ ᠠᠮᠵᠢᠯᠲᠠ ᠣᠯᠵᠤ᠂ ᠣᠳᠣ ᠡᠪᠡᠳᠴᠢᠲᠡᠨ ᠤ | ᠰᠠᠷ᠎ᠠ ᠪᠦᠷᠢ ᠶᠢᠨ ᠡᠮ ᠬᠡᠷᠡᠭᠯᠡᠬᠦ ᠵᠠᠷᠤᠳᠠᠯ 3000 ᠲᠥᠭᠦᠷᠢᠭ ᠴᠦ ᠬᠦᠷᠬᠦ ᠦᠭᠡᠢ ᠪᠣᠯᠵᠠᠢ᠃︾ ᠪᠡᠭᠡᠵᠢᠩ ᠤᠨ ᠰᠢᠶᠧ ᠾᠧ | ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠡᠮᠴᠢ ᠲᠢᠶᠠᠨ ᠵᠤᠸᠠᠩ ᠤᠨ | ᠲᠠᠨᠢᠯᠴᠠᠭᠤᠯᠤᠭᠰᠠᠨ ᠢᠶᠠᠷ᠂ ᠡᠨᠡ ᠬᠤᠶᠠᠷ ᠵᠢᠯ ᠳᠤ ᠮᠠᠰᠢ ᠣᠯᠠᠨ ᠰᠢᠨ᠎ᠡ ᠡᠮ᠂ ᠰᠠᠶᠢᠨ ᠡᠮ ᠢ ᠡᠮᠴᠢᠯᠡᠭᠡᠨ ᠤ ᠳᠠᠭᠠᠳᠬᠠᠯ ᠳᠤ | ᠣᠷᠣᠭᠤᠯᠬᠤ ᠬᠤᠷᠳᠤᠴᠠ ᠲᠦᠷᠭᠡᠳᠴᠦ᠂ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ | ᠤᠳᠠᠯ ᠦᠭᠡᠢ ᠲᠣᠭᠲᠠᠭᠠᠯ ᠶᠣᠰᠣ ᠪᠠᠷ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠭᠤᠯᠵᠤ᠂ ᠡᠪᠡᠳᠴᠢᠲᠡᠳ ᠲᠤ | ᠪᠤᠶᠠᠨ ᠦᠢᠯᠡᠳᠦᠨ᠎ᠡ ᠭᠡᠵᠡᠢ᠃ | 2024 ᠣᠨ ᠤ ᠡᠬᠢᠨ ᠳᠤ᠂ ᠬᠠᠮᠤᠭ ᠤᠨ ᠰᠢᠨ᠎ᠡ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ | ᠨᠡᠶᠢᠲᠡᠯᠡᠵᠦ᠂ ᠡᠭᠦᠨ ᠳᠤ ᠬᠠᠪᠤᠳᠠᠷ ᠲᠤ ᠬᠡᠷᠡᠭᠯᠡᠬᠦ ᠡᠮ᠂ ᠤᠵᠢᠭ ᠡᠪᠡᠳᠴᠢᠨ ᠳᠤ ᠬᠡᠷᠡᠭᠯᠡᠬᠦ ᠡᠮ᠂ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠵᠡᠷᠭᠡ 126 ᠵᠦᠢᠯ ᠤᠨ ᠰᠢᠨ᠎ᠡ ᠡᠮ ᠢ ᠡᠮᠴᠢᠯᠡᠭᠡᠨ ᠤ ᠳᠠᠭᠠᠳᠬᠠᠯ ᠳᠤ ᠣᠷᠣᠭᠤᠯᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠮᠠᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯ ᠤᠨ ᠭᠠᠷᠴᠠᠭ ᠲᠤ ᠪᠠᠭᠲᠠᠭᠠᠭᠰᠠᠨ ᠨᠢ ᠨᠢᠭᠡᠨᠲᠡ ᠠᠯᠪᠠᠨ ᠤ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠬᠡᠷᠡᠭᠯᠡᠬᠦ ᠡᠮ ᠤᠨ ᠵᠣᠭᠤᠰ ᠤᠨ 90% ᠠᠴᠠ ᠳᠡᠭᠡᠭᠰᠢ ᠲᠦᠷᠦᠯ ᠢ ᠪᠦᠷᠬᠦᠵᠡᠢ᠃ ᠵᠥᠪᠬᠡᠨ 2023 | ᠣᠨ ᠤ ᠵᠥᠪᠯᠡᠯᠴᠡᠭᠡ ᠬᠢᠬᠦ ᠬᠤᠭᠤᠴᠠᠭᠠᠨ ᠳᠠᠬᠢ ᠬᠡᠯᠡᠯᠴᠡᠭᠡᠷ ᠤᠨ ᠡᠮ ᠤᠨ ᠦᠨ᠎ᠡ ᠶᠢ ᠳᠠᠪᠬᠤᠴᠠᠭᠤᠯᠤᠨ ᠪᠠᠭᠤᠷᠠᠭᠤᠯᠤᠭᠰᠠᠨ | ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠤᠭᠰᠠᠨ ᠨᠢ ᠡᠪᠡᠳᠴᠢᠲᠡᠨ ᠤ ᠳᠠᠷᠤᠭᠠᠰᠤ ᠶᠢ ᠨᠢᠭᠡᠨᠲᠡ 2000 | ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠷᠡᠭᠦᠯᠪᠡ ᠭᠡᠵᠡᠢ᠃ | ᠡᠮᠴᠢᠯᠡᠭᠡᠨ ᠤ ᠪᠠᠲᠤᠯᠠᠭ᠎ᠠ ᠶᠢᠨ ᠦᠷᠭᠦᠯᠵᠢᠯᠡᠨ ︽ᠬᠡᠪᠴᠢᠶ᠎ᠡ ᠪᠠᠨ ᠥᠷᠭᠡᠳᠬᠡᠬᠦ︾ ᠶᠢ ᠳᠠᠭᠠᠯᠳᠤᠨ᠂ ᠣᠲᠣ ᠦᠶ᠎ᠡ ᠶᠢᠨ | ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠣᠨᠣᠰᠢᠯᠠᠨ ᠡᠮᠴᠢᠯᠡᠬᠦ ᠮᠡᠷᠭᠡᠵᠢᠯ ᠴᠦ ᠨᠠᠩ ᠰᠠᠶᠢᠨ ᠪᠣᠯᠵᠤ᠂ ᠡᠪᠡᠳᠬᠦ ᠦᠭᠡᠢ | ᠮᠡᠰᠡ ᠵᠠᠰᠠᠯ᠂ ᠪᠠᠭ᠎ᠠ ᠰᠢᠷᠬᠠᠨ ᠤ ᠮᠡᠰᠡ ᠵᠠᠰᠠᠯ ᠵᠡᠷᠭᠡ ᠣᠨᠣᠰᠢᠯᠠᠨ ᠡᠮᠴᠢᠯᠡᠬᠦ ᠮᠡᠷᠭᠡᠵᠢᠯ ᠡᠳᠦᠷ ᠢᠷᠡᠬᠦᠶ᠎ᠡ | ᠲᠥᠭᠡᠮᠡᠯᠵᠢᠯᠡᠭᠳᠡᠵᠦ ᠪᠠᠶᠢᠭ᠎ᠠ ᠪᠥᠭᠡᠳ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠰᠠᠨ | ᠪᠠᠶᠢᠨ᠎ᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ | ᠲᠠᠨᠢᠯᠴᠠᠭᠤᠯᠬᠤ ᠳᠤ ᠪᠠᠨ᠂ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠳᠦᠷᠢᠮ ᠠᠴᠠ | ᠪᠣᠯᠵᠤ᠂ ᠪᠥᠬᠦ ᠤᠯᠤᠰ ᠤᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠦᠷᠭᠡᠨ ᠢᠶᠠᠷ | ᠰᠤᠯᠠᠯᠠᠭᠳᠠᠵᠤ᠂ ᠡᠷᠡᠭᠦᠯ ᠮᠡᠨᠳᠦ ᠶᠢᠨ ᠲᠦᠪᠰᠢᠨ ᠢᠯᠡᠳᠲᠡ ᠳᠡᠭᠡᠭᠰᠢᠯᠡᠵᠡᠢ ᠭᠡᠪᠡ᠃ | ᠪᠦᠷᠢᠳᠬᠡᠯ ᠢ ᠦᠨᠳᠦᠰᠦᠯᠡᠪᠡᠯ᠂ 2003 ᠣᠨ ᠠᠴᠠ 2022 ᠣᠨ ᠪᠣᠯᠲᠠᠯ᠎ᠠ᠂ ᠮᠠᠨ ᠤ ᠤᠯᠤᠰ ᠤᠨ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠭᠰᠡᠨ ᠶᠡᠷᠦᠩᠬᠡᠢ ᠬᠥᠮᠥᠨ ᠤ ᠲᠤᠭ᠎ᠠ 20.96 | ᠳ᠋ᠦᠩᠰᠢᠭᠤᠷ ᠬᠥᠮᠥᠨ ᠤᠳᠠᠭ᠎ᠠ ᠠᠴᠠ ᠨᠡᠮᠡᠭᠳᠡᠭᠡᠳ 84.2 ᠳ᠋ᠦᠩᠰᠢᠭᠤᠷ ᠬᠥᠮᠥᠨ ᠤᠳᠠᠭ᠎ᠠ ᠳᠤ ᠬᠦᠷᠴᠡᠢ︔ ᠡᠭᠦᠨ ᠤ | ᠵᠡᠷᠭᠡ ᠳᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠪᠥᠬᠦ ᠤᠯᠤᠰ ᠤᠨ ᠡᠷᠡᠭᠦᠯ ᠬᠠᠮᠠᠭᠠᠯᠠᠯ ᠤᠨ | ᠶᠡᠷᠦᠩᠬᠡᠢ ᠵᠠᠷᠤᠳᠠᠯ ᠳᠤ ᠡᠵᠡᠯᠡᠬᠦ ᠬᠤᠪᠢ ᠶᠢᠨ ᠵᠢᠩ ᠨᠢ 2003 ᠣᠨ ᠳᠤ 55.8% ᠪᠠᠶᠢᠭᠰᠠᠨ ᠠᠴᠠ ᠪᠠᠨ 2022 | ᠣᠨ ᠳᠤ 27.0% ᠪᠣᠯᠲᠠᠯ᠎ᠠ ᠪᠠᠭᠤᠷᠠᠪᠠ᠃ | ᠲᠣᠰ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ ᠶᠢᠨ | ᠭᠦᠨᠵᠡᠭᠡᠶᠢᠷᠡᠬᠦ᠂ ᠣᠯᠠᠨ ᠲᠦᠮᠡᠨ ᠤ ᠡᠮᠴᠢᠯᠡᠭᠡᠨ ᠤ ᠬᠡᠷᠡᠭᠴᠡᠭᠡ ᠳᠡᠭᠡᠭᠰᠢᠯᠡᠬᠦ᠂ ᠡᠮᠴᠢᠯᠡᠭᠡᠨ ᠤ ᠬᠡᠷᠡᠭᠯᠡᠭᠡ ᠶᠢᠨ ᠲᠦᠪᠰᠢᠨ | ᠳᠡᠭᠡᠭᠰᠢᠯᠡᠬᠦ ᠶᠢ ᠳᠠᠭᠠᠯᠳᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠴᠤᠭᠯᠠᠭᠤᠯᠬᠤ ᠠᠵᠢᠯ ᠢ ᠴᠢᠩᠭᠠᠳᠬᠠᠵᠤ᠂ | ᠣᠯᠠᠨ ᠲᠦᠮᠡᠨ ᠳᠤ ᠲᠣᠭᠲᠠᠭᠤᠨ ᠪᠥᠭᠡᠳ ᠦᠷᠭᠦᠯᠵᠢᠯᠡᠬᠦᠶᠢᠴᠡ ᠪᠠᠲᠤᠯᠠᠭ᠎ᠠ ᠬᠠᠩᠭᠠᠬᠤ ᠴᠢᠬᠤᠯᠠᠲᠠᠢ ᠪᠠᠶᠢᠨ᠎ᠠ ᠭᠡᠵᠡᠢ᠃ | ᠥᠪᠡᠰᠦᠪᠡᠨ ᠲᠥᠯᠥᠬᠦ ᠳᠠᠷᠤᠭᠠᠰᠤ ᠶᠢ ᠬᠥᠩᠭᠡᠯᠡᠵᠦ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ | ᠶᠠᠪᠤᠬᠤ ᠳᠣᠲᠣᠮ ᠳᠡᠭᠡᠭᠰᠢᠯᠡᠪᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠨᠡᠶᠢᠲᠡᠯᠡᠭᠰᠡᠨ ︽2022 ᠣᠨ ᠤ ᠮᠠᠨ ᠤ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠶᠢ | ᠦᠨᠳᠦᠰᠦᠯᠡᠪᠡᠯ᠂ 2022 ᠣᠨ ᠳᠤ ᠪᠥᠬᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠳᠡᠨ | ᠡᠮᠨᠡᠯᠭᠡ ᠳᠤ ᠣᠨᠣᠰᠢᠯᠠᠨ ᠡᠮᠴᠢᠯᠡᠭᠦᠯᠦᠭᠰᠡᠨ ᠬᠥᠮᠥᠨ ᠤᠳᠠᠭ᠎ᠠ 84.2 ᠳ᠋ᠦᠩᠰᠢᠭᠤᠷ ᠲᠤ ᠬᠦᠷᠴᠦ᠂ ᠳᠤᠮᠳᠠᠴᠢ ᠪᠠᠷ ᠬᠥᠮᠥᠨ | ᠪᠦᠷᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ 6 ᠤᠳᠠᠭ᠎ᠠ ᠡᠮᠨᠡᠭᠦᠯᠵᠦ᠂ ᠪᠥᠬᠦ ᠤᠯᠤᠰ ᠤᠨ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠬᠥᠮᠥᠨ ᠤᠳᠠᠭ᠎ᠠ 2.47 ᠳ᠋ᠦᠩᠰᠢᠭᠤᠷ ᠲᠤ ᠬᠦᠷᠴᠦ᠂ | ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ 10860.6 ᠲᠥᠭᠦᠷᠢᠭ ᠲᠤ ᠬᠦᠷᠴᠡᠢ᠃ | ᠰᠠᠭᠤᠭᠠᠯᠢ ᠠᠷᠠᠳ ᠤᠨ ᠡᠪᠡᠳᠴᠢᠯᠡᠬᠦ᠂ ᠬᠦᠨᠳᠦ ᠡᠪᠡᠳᠴᠢᠨ ᠣᠯᠬᠤ ᠪᠣᠯᠣᠮᠵᠢ ᠨᠢ ᠵᠠᠶᠢᠯᠠᠰᠢ ᠦᠭᠡᠢ ᠶᠤᠮ᠂ | ᠡᠪᠡᠳᠴᠢᠨ ᠡᠮᠭᠡᠭ ᠨᠢ ᠴᠥᠭᠡᠨ ᠪᠤᠰᠤ ᠡᠪᠡᠳᠴᠢᠲᠡᠳ ᠲᠤ ᠮᠥᠨ ᠯᠡ ᠵᠣᠬᠢᠬᠤ ᠬᠡᠮᠵᠢᠶᠡᠨ ᠤ ᠠᠵᠤ ᠠᠬᠤᠢ ᠶᠢᠨ ᠳᠠᠷᠤᠭᠠᠰᠤ | ᠠᠪᠴᠢᠷᠠᠵᠠᠢ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ | ᠬᠤᠷᠰᠢᠭᠰᠠᠨ ᠡᠮᠴᠢᠯᠡᠭᠡᠨ ᠤ ᠳᠠᠭᠠᠳᠬᠠᠯ︾ ᠤᠨ ᠳᠦᠷᠢᠮ ᠢ ᠪᠠᠶᠢᠭᠤᠯᠤᠭᠰᠠᠨ ᠡᠬᠢᠨ ᠤ ᠦᠶ᠎ᠡ ᠳᠤ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ | ᠨᠡᠶᠢᠳᠡᠮ ᠳᠤ ᠪᠠᠨ 30% ᠠᠴᠠ 40% ᠪᠠᠶᠢᠵᠤ᠂ ᠣᠯᠠᠨ ᠲᠦᠮᠡᠨ ᠤ ᠥᠪᠡᠰᠦᠪᠡᠨ ᠲᠥᠯᠥᠬᠦ ᠬᠠᠷᠢᠴᠠᠯ ᠨᠢ ᠨᠡᠯᠢᠶᠡᠳ | ᠥᠨᠳᠥᠷ᠂ ᠡᠪᠡᠳᠴᠢᠨ ᠦᠵᠡᠭᠦᠯᠬᠦ ᠳᠠᠷᠤᠭᠠᠰᠤ ᠨᠢ ᠬᠦᠨᠳᠦ ᠪᠠᠶᠢᠪᠠ᠃ | ᠣᠳᠣᠬᠠᠨ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ 70% ᠣᠷᠴᠢᠮ ᠪᠣᠯᠣᠨ᠎ᠠ᠃ | 2022 ᠣᠨ ᠤ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠵᠢᠴᠢ ᠲᠡᠭᠦᠨ ᠠᠴᠠ ᠳᠣᠷᠣᠭᠰᠢᠬᠢ | ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠡᠮᠴᠢᠯᠡᠭᠡᠨ ᠤ ᠳᠠᠭᠠᠳᠬᠠᠯ ᠤᠨ ᠲᠠᠩᠰᠠ | ᠲᠠᠶᠢᠯᠬᠤ ᠬᠠᠷᠢᠴᠠᠯ ᠨᠢ ᠲᠣᠰ ᠲᠣᠰ 63.7%᠂ 71.9%᠂ 80.1% ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ | ᠴᠢᠳᠠᠮᠵᠢ ᠶᠢ ᠴᠢᠩᠭᠠᠳᠬᠠᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ | ᠵᠠᠷᠤᠳᠠᠯ ᠤᠨ ᠬᠠᠷᠠᠭᠠᠯᠵᠠᠯ ᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ | ᠲᠦᠮᠡᠨ ᠤ ᠥᠪᠡᠰᠦᠪᠡᠨ ᠲᠥᠯᠥᠬᠦ ᠳᠠᠷᠤᠭᠠᠰᠤ ᠶᠢ ᠤᠯᠠᠮ ᠬᠥᠩᠭᠡᠯᠡᠪᠡ᠃ | ᠵᠢᠱᠢᠶᠡᠯᠡᠪᠡᠯ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ︽ᠬᠤᠶᠠᠷ ᠡᠪᠡᠳᠴᠢᠨ︾ ᠤ | ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ | ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠶᠢᠨ 1.8 ᠳ᠋ᠦᠩᠰᠢᠭᠤᠷ ᠰᠠᠭᠤᠭᠠᠯᠢ ᠠᠷᠠᠳ ᠤᠨ ︽ᠬᠤᠶᠠᠷ ᠡᠪᠡᠳᠴᠢᠨ︾ | ᠤ ᠡᠪᠡᠳᠴᠢᠲᠡᠳ ᠤᠨ ᠡᠮ ᠬᠡᠷᠡᠭᠯᠡᠬᠦ ᠳᠠᠷᠤᠭᠠᠰᠤ ᠶᠢ 799 ᠳ᠋ᠦᠩᠰᠢᠭᠤᠷ ᠲᠥᠭᠦᠷᠢᠭ ᠬᠥᠩᠭᠡᠷᠡᠭᠦᠯᠦᠭᠰᠡᠨ ᠪᠠᠶᠢᠨ᠎ᠠ᠃ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠲᠤᠰᠠᠯᠠᠬᠤ ᠶᠢᠨ ᠲᠥᠯᠥᠭᠡ᠂ | ᠤᠯᠤᠰ ᠠᠴᠠ ᠰᠠᠭᠤᠭᠠᠯᠢ ᠠᠷᠠᠳ ᠤᠨ ᠬᠤᠪᠢ ᠬᠥᠮᠥᠨ ᠤ ᠵᠢᠯ ᠪᠦᠷᠢ ᠶᠢᠨ ᠳᠠᠭᠠᠳᠬᠠᠯ ᠳᠤ ᠣᠷᠣᠯᠴᠠᠬᠤ ᠰᠦᠢᠳᠬᠡᠯ ᠤᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠬᠤ ᠨᠥᠬᠦᠪᠦᠷᠢ ᠶᠢ ᠵᠡᠷᠭᠡ ᠪᠠᠷ ᠳᠡᠭᠡᠭᠰᠢᠯᠡᠭᠦᠯᠪᠡ᠃ | 2003 ᠣᠨ ᠠᠴᠠ 2023 ᠣᠨ ᠪᠣᠯᠲᠠᠯ᠎ᠠ᠂ ᠤᠯᠤᠰ ᠤᠨ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠬᠤ ᠨᠥᠬᠦᠪᠦᠷᠢ ᠶᠢ ᠬᠥᠮᠥᠨ ᠪᠦᠷᠢ ᠳᠤ 10 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ | ᠪᠠᠶᠢᠭᠰᠠᠨ ᠠᠴᠠ ᠬᠥᠮᠥᠨ ᠪᠦᠷᠢ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠣᠯᠭᠠᠵᠤ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠵᠡᠷᠭᠡ ᠬᠦᠴᠢᠷᠳᠡᠯᠲᠡᠢ ᠬᠥᠮᠥᠰ ᠲᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ | ᠪᠤᠶᠤ ᠬᠡᠰᠡᠭ ᠨᠥᠬᠦᠪᠦᠷᠢ ᠣᠯᠭᠤᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ 2023 | ᠣᠨ ᠳᠤ ᠮᠠᠨ ᠤ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠥᠨ ᠤ ᠰᠦᠢᠳᠬᠡᠯ ᠲᠤᠰᠢᠶᠠᠭᠰᠠᠨ ᠪᠥᠬᠦ ᠲᠤᠭ᠎ᠠ 3497 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ | ᠵᠠᠰᠠᠭ ᠠᠴᠠ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠳᠤ 6977.59 ᠳ᠋ᠦᠩᠰᠢᠭᠤᠷ ᠲᠥᠭᠦᠷᠢᠭ ᠨᠥᠬᠦᠪᠦᠷᠢᠯᠡᠪᠡ᠃ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠥᠬᠦ ᠵᠢᠯ ᠤᠨ ᠵᠠᠷᠤᠯᠭ᠎ᠠ 10423 | ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠥᠬᠦ | ᠵᠣᠭᠤᠰ ᠤᠨ ᠲᠤᠭ᠎ᠠ ᠠᠴᠠ ᠬᠤᠯᠠ ᠥᠨᠳᠥᠷ ᠪᠠᠶᠢᠪᠠ᠃ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠴᠢᠬᠤᠯᠠ ᠨᠥᠬᠦᠪᠦᠷᠢ ᠪᠣᠯᠤᠭᠰᠠᠨ ᠤ ᠬᠤᠪᠢ ᠳᠤ᠂ ᠡᠳ᠋ ᠤᠨ | ᠵᠠᠰᠠᠭ ᠤᠨ ᠨᠥᠬᠦᠪᠦᠷᠢ ᠪᠠ ᠬᠤᠪᠢ ᠬᠥᠮᠥᠨ ᠤ ᠲᠤᠰᠢᠶᠠᠬᠤ ᠰᠦᠢᠳᠬᠡᠯ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠠᠲᠠᠭᠠᠯ ᠢ ᠬᠠᠮᠲᠤ ᠪᠠᠷ ᠪᠠᠶᠢᠭᠤᠯᠵᠤ᠂ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠪᠡ᠃ | ᠡᠮᠴᠢᠯᠡᠭᠡᠨ ᠤ ᠳᠠᠭᠠᠳᠬᠠᠯ ᠤᠨ ᠶᠠᠪᠤᠳᠠᠯ ᠨᠢ ︽ᠪᠠᠭ᠎ᠠ ᠶᠠᠪᠤᠳᠠᠯ ᠪᠤᠰᠤ︾᠂ ᠦᠢᠯᠡᠴᠢᠯᠡᠭᠡ ᠶᠢ ᠲᠠᠰᠤᠷᠠᠯᠲᠠ ᠦᠭᠡᠢ | ᠲᠠᠰ ᠳᠡᠪᠰᠢᠭᠦᠯᠪᠡ | ᠪᠥᠬᠦ ᠤᠯᠤᠰ ᠤᠨ 10 ᠲᠦᠮᠡ ᠰᠢᠬᠠᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ | ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠪᠠᠷᠢᠮᠲᠠ ᠶᠢᠨ ᠬᠡᠷᠡᠭᠯᠡᠭᠴᠢᠳ 10 ᠳ᠋ᠦᠩᠰᠢᠭᠤᠷ ᠬᠥᠮᠥᠨ ᠢ ᠳᠠᠪᠠᠵᠤ᠂ ᠡᠯ᠎ᠡ ᠭᠠᠵᠠᠷ ᠤᠨ ᠬᠢᠨ | ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 132 ᠵᠦᠢᠯ ᠤᠨ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ | ᠠᠷᠠᠳ ᠲᠤ ᠳᠥᠭᠦᠮᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ ᠁ ᠣᠶᠢᠷ᠎ᠠ ᠶᠢᠨ ᠵᠢᠯ ᠤᠳ ᠲᠤ᠂ ᠡᠮᠴᠢᠯᠡᠭᠡᠨ ᠤ | ᠳᠠᠭᠠᠳᠬᠠᠯ ᠤᠨ ᠶᠠᠪᠤᠳᠠᠯ ︽ᠪᠠᠭ᠎ᠠ ᠶᠠᠪᠤᠳᠠᠯ ᠪᠤᠰᠤ︾ ᠪᠣᠯᠵᠤ᠂ ᠠᠯᠢ ᠣᠯᠠᠨ ᠡᠮᠴᠢᠯᠡᠭᠡᠨ ᠤ ᠳᠠᠭᠠᠳᠬᠠᠯ ᠤᠨ ᠠᠷᠠᠳ ᠲᠤ | ᠳᠥᠭᠦᠮᠯᠡᠬᠦ᠂ ᠠᠷᠠᠳ ᠲᠤ ᠠᠰᠢᠭᠲᠠᠢ ᠦᠢᠯᠡᠴᠢᠯᠡᠭᠡ ᠲᠠᠰᠤᠷᠠᠯᠲᠠ ᠦᠭᠡᠢ ᠲᠠᠰ ᠳᠡᠪᠰᠢᠪᠡ᠃ | ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠪᠠᠷ ᠵᠢᠱᠢᠶᠡᠯᠡᠬᠦ ᠳᠤ᠂ 2003 ᠣᠨ ᠳᠤ ︽ᠬᠥᠳᠡᠭᠡ | ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠳᠤ ᠣᠷᠣᠯᠴᠠᠭᠰᠠᠨ ᠣᠯᠠᠨ ᠲᠦᠮᠡᠨ | ᠵᠥᠪᠬᠡᠨ ᠲᠤᠰ ᠰᠢᠶᠠᠨ ︵ᠲᠣᠭᠤᠷᠢᠭ︶ ᠤ ᠡᠮᠨᠡᠯᠭᠡ ᠳᠤ ᠡᠮᠨᠡᠭᠦᠯᠪᠡᠯ ᠰᠠᠶ᠋ᠢ ᠳᠠᠩᠰᠠ ᠲᠠᠶᠢᠯᠬᠤ ᠳᠤ ᠳᠥᠭᠦᠮ ᠪᠠᠶᠢᠵᠤ᠂ | ᠣᠨᠳᠣᠣ ᠭᠠᠵᠠᠷ ᠲᠤ ᠡᠪᠡᠳᠴᠢᠨ ᠦᠵᠡᠭᠦᠯᠪᠡᠯ ᠳᠠᠩᠰᠠ ᠲᠠᠶᠢᠯᠬᠤ ᠬᠠᠷᠢᠴᠠᠯ ᠨᠢ ᠪᠠᠭ᠎ᠠ ᠮᠥᠷᠲᠡᠭᠡᠨ ᠰᠢᠭᠤᠳ ᠳ᠋ᠦᠩᠨᠡᠨ | ᠪᠣᠳᠣᠵᠤ ᠪᠣᠯᠳᠠᠭ ᠦᠭᠡᠢ ᠪᠠᠶᠢᠪᠠ᠃ | ᠣᠳᠣᠬᠠᠨ ᠳᠤ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ | ᠳ᠋ᠦᠩᠨᠡᠨ ᠪᠤᠳᠤᠬᠤ ᠠᠵᠢᠯ ᠢ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠵᠦ᠂ ᠪᠥᠬᠦ ᠤᠯᠤᠰ ᠤᠨ 10 ᠲᠦᠮᠡ ᠰᠢᠬᠠᠮ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ | ᠳ᠋ᠦᠩᠨᠡᠨ ᠪᠤᠳᠤᠬᠤ ᠦᠢᠯᠡᠴᠢᠯᠡᠭᠡ ᠬᠠᠩᠭᠠᠪᠠ᠃ | ᠳ᠋ᠠᠶᠢᠲ᠋ᠠ ᠠᠴᠠ ᠣᠯᠵᠤ ᠬᠠᠷᠠᠬᠤ ᠨᠢ᠂ 2023 ᠣᠨ ᠳᠤ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠶᠢ ᠰᠦᠯᠵᠢᠶᠡᠨ ᠳᠤ ᠨᠡᠪᠲᠡᠷᠡᠭᠦᠯᠦᠭᠰᠡᠨ ᠡᠮ ᠡᠮᠨᠡᠯᠭᠡ ᠶᠢᠨ ᠪᠠᠶᠢᠭᠤᠯᠤᠮᠵᠢ 55 ᠲᠦᠮᠡ ᠳᠤ ᠬᠦᠷᠴᠦ᠂ ᠤᠯᠠᠨ | ᠲᠦᠮᠡᠨ ᠤ 1.3 ᠳ᠋ᠦᠩᠰᠢᠭᠤᠷ ᠬᠥᠮᠥᠨ ᠤᠳᠠᠭ᠎ᠠ ᠶᠢᠨ ᠡᠪᠡᠳᠴᠢᠨ ᠦᠵᠡᠭᠦᠯᠬᠦ ᠳᠤ ᠠᠰᠢᠭ ᠬᠦᠷᠲᠡᠭᠡᠵᠦ᠂ 1536.7 | ᠳ᠋ᠦᠩᠰᠢᠭᠤᠷ ᠲᠥᠭᠦᠷᠢᠭ ᠣᠷᠣᠯᠠᠨ ᠲᠥᠯᠥᠬᠦ ᠶᠢ ᠪᠠᠭᠠᠰᠬᠠᠪᠠ᠃ | ︽ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠳᠠᠭᠠᠳᠬᠠᠯ ᠤᠨ | ᠬᠠᠷᠠᠭᠠᠯᠵᠠᠯ ᠢ ᠳᠡᠭᠡᠭᠰᠢᠯᠡᠭᠦᠯᠬᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ | ᠠᠪᠴᠤ ᠦᠵᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠴᠢᠨᠠᠷ ᠪᠠ ᠦᠨ᠎ᠡ ᠶᠢᠨ | ᠬᠠᠷᠢᠴᠠᠯ ᠨᠡᠯᠢᠶᠡᠳ ᠥᠨᠳᠥᠷ ᠪᠠᠶᠢᠨ᠎ᠠ᠃︾ ᠭᠡᠵᠦ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠤᠯᠠᠨ ᠨᠡᠶᠢᠲᠡ ᠶᠢᠨ ᠠᠵᠤ ᠠᠬᠤᠢ ᠶᠢᠨ ᠤᠬᠠᠭᠠᠨ ᠰᠤᠳᠤᠯᠬᠤ ᠲᠠᠰᠤᠭ ᠤᠨ ᠡᠷᠬᠢᠯᠡᠭᠴᠢ ᠸᠠᠩ ᠵᠧᠨ | ᠬᠡᠯᠡᠪᠡ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠯᠡᠷᠬᠡᠶᠢᠯᠡᠬᠦ ᠳᠤ ᠪᠠᠨ᠂ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠨᠢ ︽ᠡᠪᠡᠳᠴᠢᠯᠡᠬᠦ ᠦᠶ᠎ᠡ ᠳᠤ ᠪᠠᠲᠤᠯᠠᠭ᠎ᠠ ᠲᠠᠢ᠂ ᠡᠪᠡᠳᠴᠢᠨ ᠦᠭᠡᠢ ᠦᠶ᠎ᠡ ᠳᠤ ᠪᠤᠰᠤᠳ ᠲᠤ ᠠᠰᠢᠭᠲᠠᠢ︾ | ᠶᠤᠮ᠂ ᠡᠨᠡ ᠨᠢ ᠣᠯᠠᠨ ᠲᠦᠮᠡᠨ ᠨᠢᠭᠡᠪᠦᠷᠢ ᠶᠢᠨ ᠡᠪᠡᠳᠴᠢᠨ ᠡᠮᠭᠡᠭ ᠤᠨ ᠲᠦᠭᠰᠢᠭᠦᠷᠢ ᠶᠢᠨ ᠲᠣᠭᠲᠠᠪᠤᠷᠢ ᠦᠭᠡᠢ ᠴᠢᠨᠠᠷ ᠲᠤ | ᠬᠠᠨᠳᠤᠬᠤ ᠦᠶ᠎ᠡ ᠶᠢᠨ ᠣᠶᠤᠨᠴᠢ ᠰᠣᠩᠭᠤᠯᠲᠠ ᠮᠥᠨ ᠭᠡᠵᠡᠢ᠃ | ᠡᠨᠡ ᠵᠢᠯ ᠤᠨ ᠪᠦᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠷᠠᠯ ᠳᠡᠭᠡᠷ᠎ᠡ᠂ ᠳᠠᠭᠠᠳᠬᠠᠯ ᠳᠤ | ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠰᠤᠳᠤᠯᠤᠨ | ᠪᠦᠷᠢᠨᠰᠢᠭᠦᠯᠵᠦ᠂ ᠦᠷᠭᠦᠯᠵᠢᠯᠡᠨ ᠰᠦᠢᠳᠬᠡᠯ ᠲᠤᠰᠢᠶᠠᠵᠤ ᠪᠠᠶᠢᠭ᠎ᠠ ᠣᠯᠠᠨ ᠲᠦᠮᠡᠨ ᠤ ᠠᠰᠢᠭ ᠭᠥᠷᠳᠡᠬᠦ ᠶᠢ ᠳᠦᠷᠢᠮ ᠢᠶᠠᠷ | ᠪᠠᠲᠤᠯᠠᠵᠤ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃ | |