ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2024/3/29
   3 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠢᠭᠡᠳ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ ᠠᠯᠺᠣᠣᠯ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ ᠮᠡᠳᠡᠭᠴᠢ ᠯᠢ ᠿᠦᠢ ᠵᠡᠷᠭᠡ ᠵᠠᠰᠠᠭ ᠠᠵᠤ ᠠᠬᠤᠶᠢᠯᠠᠯ ᠤᠨ ᠤᠳᠤᠷᠢᠳᠤᠯᠭ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    ᠬᠤᠷᠠᠯ ᠠᠴᠠ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ᠂ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠭᠯᠡᠯ ᠵᠢᠴᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠶᠢᠨ ᠰᠡᠳᠬᠢᠴᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ ᠵᠡᠷᠭᠡ ᠠᠵᠤ ᠦᠢᠯᠡᠰ ᠤᠨ ᠲᠦᠷᠦᠯ ᠵᠦᠢᠯ ᠤᠨ ᠲᠣᠭᠤᠷᠢᠨ ᠳᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠤᠯᠠᠨ ᠠᠷᠭ᠎ᠠ ᠵᠠᠮ᠂ ᠤᠯᠠᠨ ᠬᠦᠷᠢᠶ᠎ᠡ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃    ᠯᠢ ᠿᠦᠢ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠥᠩᠭᠡ ᠦᠵᠡᠮᠵᠢ ᠤᠰᠤᠨ ᠴᠠᠬᠢᠯᠭᠠᠨ ᠤ ᠡᠬᠢ ᠪᠠᠶᠠᠯᠢᠭ ᠡᠯᠪᠡᠭ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠳᠠᠪᠠᠭᠤᠯᠢᠭ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠠᠪᠠᠭᠤᠯᠢᠭ ᠪᠠ ᠨᠥᠬᠦᠴᠡᠯ ᠢ ᠪᠦᠷᠢᠳᠦᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠠᠰᠢᠭᠲᠠᠢ ᠨᠥᠬᠦᠴᠡᠯ ᠢ ᠬᠠᠩᠭᠠᠭᠰᠠᠨ ᠪᠠᠶᠢᠨ᠎ᠠ᠃ ᠡᠨᠡ ᠤᠳᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠯᠤᠭ᠎ᠠ ᠬᠠᠮᠲᠤᠷᠠᠯᠴᠠᠭ᠎ᠠ ᠥᠷᠨᠢᠭᠦᠯᠬᠦ ᠠᠯᠤᠰ ᠢᠷᠡᠭᠡᠳᠦᠢ ᠥᠷᠭᠡᠨ ᠠᠭᠤᠳᠠᠮ᠂ ᠵᠣᠬᠢᠬᠤ ᠬᠡᠮᠵᠢᠶᠡᠨ ᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠂ ᠳᠤᠮᠳᠠᠳᠤ ᠶᠢᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ᠂ ᠡᠨᠧᠷᠭᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠶᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃    ᠯᠢᠦ ᠬᠠᠢ ᠲᠤᠸ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ ᠨᠢ ᠲᠥᠪ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠡᠯᠡ ᠮᠥᠩᠭᠦ᠂ ᠴᠢᠳᠠᠪᠤᠷᠢᠲᠠᠨ ᠪᠠ ᠮᠡᠷᠭᠡᠵᠢᠯ ᠤᠨ ᠲᠠᠯ᠎ᠠ ᠪᠠᠷ ᠮᠠᠰᠢ ᠶᠡᠭᠡ ᠪᠣᠳᠠᠲᠤ ᠬᠦᠴᠦᠨ ᠲᠠᠢ ᠪᠠᠶᠢᠳᠠᠭ᠂ ᠲᠣᠰ ᠤᠳᠠᠭᠠᠨ ᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠣᠯᠣᠯᠴᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠵᠤ᠂ ᠴᠠᠭ ᠤᠨ ᠬᠦᠰᠦᠨᠦᠭᠲᠦ ᠪᠣᠯᠣᠨ ᠵᠠᠮ ᠱᠤᠭᠤᠮ ᠤᠨ ᠵᠢᠷᠤᠭ ᠶᠣᠰᠣᠭᠠᠷ ᠴᠠᠭ ᠲᠤᠬᠠᠢ ᠳᠤᠨᠢ ᠠᠵᠢᠯ ᠤᠨ ᠲᠤᠰᠬᠠᠢ ᠠᠩᠭᠢ ᠪᠠᠶᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠦᠢᠯᠡᠴᠢᠯᠡᠭᠡᠨ ᠤ ᠪᠠᠲᠤᠯᠠᠪᠤᠷᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠡᠨᠧᠷᠭᠢ ᠶᠢᠨ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃    ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号