ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠭᠤᠴᠢᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/31
   3 ᠰᠠᠷ᠎ᠠ ᠶᠢᠨ 29 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠭᠤᠴᠢᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠬᠤᠨᠠᠨ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢ ᠶᠢᠨ ᠫᠢᠩ  ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠪᠣᠯᠣᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠶᠡᠷᠦᠩᠬᠡᠢ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠪᠣᠯᠣᠨ ᠭᠤᠣᠯ ᠨᠠᠭᠤᠷ ᠤᠨ ᠳᠠᠷᠤᠭ᠎ᠠ ᠶᠢᠨ ᠵᠠᠷᠯᠢᠭ ᠤᠨ ᠵᠣᠷᠢᠭ ᠰᠠᠨᠠᠭ᠎ᠠ ᠶᠢ ᠰᠤᠷᠤᠯᠴᠠᠵᠤ᠂ ︽2024 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠲᠤᠷᠠᠨ ᠪᠦᠲᠦᠭᠡᠨ ᠪᠠᠶᠢᠭᠤᠯᠬᠤ ᠶᠢ ᠲᠡᠳᠬᠦᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠵᠢᠴᠢ ᠡᠭᠦᠷᠭᠡ ᠲᠥᠯᠥᠪᠯᠡᠭᠡ᠂ ᠲᠥᠷᠥᠯ ᠵᠦᠢᠯ ᠤᠨ ᠬᠥᠮᠥᠷᠭᠡ ᠳᠤ ᠲᠣᠬᠢᠷᠠᠭᠤᠯᠤᠯᠲᠠ ᠬᠢᠬᠦ ᠵᠡᠷᠭᠡ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠲᠦᠷᠦ ᠶᠢᠨ ᠪᠣᠳᠣᠯᠭ᠎ᠠ ᠶᠢ ᠴᠢᠩᠭ᠎ᠠ ᠠᠩᠬᠠᠷᠴᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠰᠡᠷᠭᠡᠭ ᠴᠢᠨᠠᠷ ᠢ ᠢᠮᠠᠭᠲᠠ ᠪᠠᠲᠤᠯᠠᠵᠤ᠂ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠭᠰᠢ ᠵᠣᠯᠭᠠᠭᠤᠯᠤᠨ ᠨᠠᠶᠢᠳᠠᠪᠤᠷᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠴᠢᠨᠠᠷᠲᠠᠢ ᠮᠠᠲ᠋ᠧᠷᠢᠶᠠᠯ ᠢ ᠰᠠᠶᠢᠲᠤᠷ ᠬᠠᠩᠭᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠣᠷᠣᠨ ᠨᠤᠲᠤᠭ ᠤᠨ ᠰᠠᠨᠠᠯ ᠢ ᠡᠷᠲᠡ ᠠᠴᠠ ᠲᠥᠯᠥᠪᠵᠢᠭᠦᠯᠵᠦ᠂ ᠰᠠᠶᠢᠲᠤᠷ ᠵᠣᠬᠢᠴᠠᠭᠤᠯᠵᠤ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠶᠢ ᠣᠷᠣᠭᠤᠯᠤᠨ ᠠᠪᠴᠢᠷᠠᠵᠤ᠂ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠬᠦ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ︔ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠡᠪᠦᠯ ᠤᠨ ᠡᠪᠡᠳᠴᠢᠨ ᠢ ᠵᠣᠨ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠣᠯᠠᠨ ᠲᠦᠮᠡᠨ ᠳᠤ ᠬᠠᠨᠤᠮᠵᠢᠲᠠᠶ ᠪᠠᠶᠢᠬᠤ ᠪᠠᠷ ᠵᠠᠷᠴᠢᠮ ᠪᠣᠯᠭᠠᠵᠤ᠂ ᠬᠤᠲᠠ ᠪᠠᠯᠭᠠᠰᠤ ᠶᠢᠨ ᠢᠯᠴᠢ ᠬᠠᠩᠭᠠᠵᠤ ᠳᠤᠯᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠷᠢᠭᠤᠨ ᠴᠡᠪᠡᠷ ᠢᠶᠠᠷ ᠳᠤᠯᠠᠭᠠᠯᠠᠬᠤ ᠪᠠ ᠬᠥᠳᠡᠭᠡ ᠲᠣᠰᠬᠤᠨ ᠤ ᠲᠥᠪᠯᠡᠷᠡᠭᠦᠯᠦᠨ ᠢᠯᠴᠢ ᠬᠠᠩᠭᠠᠬᠤ ᠶᠢ ᠲᠦᠯᠬᠢᠨ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号