ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷᠯᠢᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
   ᠡᠨᠡ ᠵᠢᠯ ᠤᠨ 3 ᠰᠠᠷ᠎ᠠ ᠶᠢᠨ 3 ᠤ ᠡᠳᠦᠷ ᠪᠣᠯ ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠠᠷᠪᠠᠨ ᠨᠢᠭᠡᠳᠦᠭᠡᠷ ᠡᠳᠦᠷᠯᠢᠭ ᠪᠣᠯᠣᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 1 ᠤ ᠡᠳᠦᠷ᠂ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠠᠶᠢᠮᠠᠭ ᠤᠨ ᠪᠠᠶᠢᠴᠠᠭᠠᠬᠤ ᠬᠤᠷᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠯᠠᠭᠠᠨᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠣᠯᠠᠨ ᠨᠢᠭᠡᠴᠡ ᠲᠠᠢ ᠬᠠᠮᠲᠤᠷᠠᠨ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷᠯᠢᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠡᠨᠡ ᠵᠢᠯ ᠤᠨ ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷᠯᠢᠭ ᠤᠨ ᠭᠤᠣᠯ ᠰᠡᠳᠦᠪ ᠨᠢ ︽ᠬᠡᠭᠡᠷ᠎ᠡ ᠶᠢᠨ ᠠᠮᠢᠲᠠᠨ ᠤᠷᠭᠤᠮᠠᠯ ᠤᠨ ᠣᠶᠤᠨᠴᠢ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ︾ ᠤᠯᠠᠭᠠᠨᠬᠤᠲᠠ ᠶᠢᠨ︽5·1︾ ᠠᠭᠤᠳᠠᠮ ᠲᠠᠯᠠᠪᠠᠶ ᠳᠤ᠂ ᠠᠶᠢᠮᠠᠭ᠂ ᠬᠤᠲᠠ᠂ ᠬᠤᠰᠢᠭᠤᠨ ᠤ ᠣᠯᠠᠨ ᠨᠢᠭᠡᠴᠡ ᠶᠢᠨ ᠠᠵᠢᠯᠲᠠᠨ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠵᠣᠷᠴᠢᠬᠤ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ  ᠠᠴᠠ ᠪᠠᠨ ᠣᠷᠣᠯᠴᠠᠭᠤᠯᠵᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠪᠠ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠬᠤ ᠦᠶᠯᠡ ᠠᠵᠢᠯᠯᠠᠭ᠎ᠠ ᠶᠢ ᠲᠠᠰᠤ ᠵᠤᠭᠰᠤᠭᠠᠨ᠎ᠠ᠃    ᠠᠵᠢᠯᠯᠠᠭ᠎ᠠ ᠶᠢᠨ ᠳᠤᠮᠳᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ ᠪᠠᠰᠠ ᠬᠤᠰᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠷᠴᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠬᠢᠵᠦ᠂ ᠥᠷᠭᠡᠨ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠤᠯᠢ ᠴᠠᠭᠠᠵᠠ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号