ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠭᠤᠴᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
   3 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ  ᠵᠢᠱᠢᠭᠳᠡᠭᠴᠢ ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠭᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾  ᠤᠨ ᠵᠣᠷᠢᠭ ᠰᠠᠨᠠᠭ᠎ᠠ ᠵᠢᠴᠢ ᠬᠢᠩᠭᠠᠨ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷᠡᠬᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ︽2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠩᠬᠢᠨᠢ ᠵᠢᠱᠢᠭᠳᠡᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ︾ ᠶᠢ ᠰᠤᠳᠤᠯᠤᠨ ᠬᠢᠨᠠᠨ ᠵᠥᠪᠯᠡᠪᠡ᠃ ᠡᠭᠦᠨ ᠤ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ᠴᠢᠬᠤᠯᠠ ᠶᠡᠭᠡ ᠲᠦᠷᠦᠯ ᠵᠦᠢᠯ ᠪᠠ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃    ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠬᠥᠪᠴᠢ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠳᠤ ᠰᠠᠭᠤᠷᠢᠯᠠᠵᠤ᠂ ᠬᠠᠤᠯᠢ ᠪᠠᠷ ᠵᠠᠰᠠᠬᠤ ᠳᠤ ᠰᠠᠭᠤᠷᠢᠯᠠᠵᠤ᠂ ᠦᠨᠳᠦᠰᠦᠨ ᠱᠠᠲᠤᠨ ᠳᠤ ᠰᠠᠭᠤᠷᠢᠯᠠᠵᠤ᠂ ᠨᠡᠶᠢᠭᠡᠮ ᠤᠨ ᠵᠥᠷᠢᠴᠡᠯ ᠢ ᠵᠦᠢ ᠵᠣᠬᠢᠰᠲᠠᠢ ᠰᠢᠢᠳᠪᠦᠷᠢᠯᠡᠵᠦ᠂ ᠡᠯ᠎ᠡ ᠠᠵᠢᠯ ᠲᠥᠷᠥᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠤᠯᠤᠰ ᠲᠥᠷᠥ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠢᠯ ᠬᠢᠵᠦ ᠦᠢᠯᠡᠰ ᠴᠣᠭᠴᠠᠯᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠵᠤ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠠᠵᠢᠯ ᠤᠨ ᠲᠣᠭᠲᠠᠴᠠ ᠶᠢ ᠰᠢᠰᠲ᠋ᠧᠮ ᠲᠠᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃    ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号