ᠯᠢᠦ ᠬᠠᠢ ᠲᠤᠸ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠠᠪᠠ
ᠨᠡᠶᠢᠲᠡᠯᠡᠭᠰᠡᠨ ᠴᠠᠭ᠄
2024/3/5
   3 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠯᠢᠦ ᠬᠠᠢ ᠲᠤᠸ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃    ᠯᠢᠦ ᠬᠠᠢ ᠲᠤᠸ ᠤᠷᠢᠳ ᠬᠤᠵᠢᠳ ᠳ᠋ᠦ᠋ ᠿᠦᠢ ᠿᠸᠡ ᠯᠢ ᠺᠣᠮᠫᠠᠨᠢ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2020 ᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠥᠷᠥᠯ ᠵᠦᠢᠯ᠂ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ᠂ ᠶᠢᠨ ᠰᠢᠩ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠱᠦᠢ ᠹᠠ ᠠᠭᠠᠯᠢᠭ ᠵᠢᠮᠢᠰ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ᠂ ᠳ᠋ᠧ ᠺᠠᠩ ᠨᠢᠲᠤᠯᠬᠤ ᠢᠳᠡᠭᠡᠨ ᠢ ᠡᠳ᠋ᠰᠢᠭᠦᠯᠦᠨ ᠣᠶᠤᠨᠴᠢ ᠪᠠᠷ ᠦᠢᠯᠡᠳᠬᠦ ᠵᠡᠷᠭᠡ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠯᠠᠭᠠᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠭᠠᠪᠠ᠃    ᠯᠢᠦ ᠬᠠᠢ ᠲᠤᠸ ᠬᠡᠯᠡᠬᠦ ᠳᠡᠭᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠢ ᠴᠢᠩᠭ᠎ᠠ ᠠᠩᠬᠠᠷᠴᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠠᠵᠢᠯ ᠡᠬᠢᠯᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡᠬᠡᠨ ᠦᠢᠯᠡᠳᠪᠦᠷᠢᠯᠡᠯ ᠳᠤ ᠣᠷᠣᠭᠤᠯᠬᠤ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃     ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号