ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠲᠦᠷᠦᠭᠦᠬᠡᠨ ᠂ | ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ | ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ | ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ ᠵᠢᠯᠤᠭᠤᠳᠬᠤ ᠰᠠᠨᠠᠯ︾ ᠭᠡᠵᠦ ᠲᠣᠪᠴᠢᠯᠠᠪᠠ︶ | ᠢ ᠳᠠᠷᠤᠮᠠᠯᠯᠠᠨ ᠲᠠᠷᠬᠠᠭᠠᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ | ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ | ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠭᠰᠠᠨ ᠪᠠᠶᠢᠨ᠎ᠠ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ | ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠨ᠂ ᠪᠦᠬᠦᠯᠢ ᠴᠣᠭᠴᠠᠲᠤ ᠲᠥᠯᠥᠪᠯᠡᠭᠡ ᠶᠢ ᠴᠢᠩᠭᠠᠳᠬᠠᠵᠤ᠂ | ᠵᠠᠭᠪᠤᠷ ᠤᠨ ᠰᠢᠨᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠯᠲᠠ ᠪᠠᠷ | ᠬᠦᠴᠦᠨ ᠴᠢᠳᠠᠮᠵᠢ ᠣᠯᠭᠤᠬᠤ ᠬᠤᠶᠠᠷ ᠬᠦᠷᠳᠦᠲᠦ ᠬᠥᠳᠡᠯᠭᠡᠭᠦᠷ ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠨ | ᠬᠥᠭᠵᠢᠭᠦᠯᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ ᠡᠰᠢᠲᠦ᠂ ᠴᠤᠪᠤᠷᠠᠯ ᠬᠠᠮᠤᠭ ᠰᠢᠯᠢᠳᠡᠭ᠂ | ᠮᠠᠲ᠋ᠧᠷᠢᠶᠠᠯ ᠬᠠᠮᠤᠭ ᠳᠦᠬᠦᠮ᠂ ᠥᠪᠡᠷ ᠤᠨ ᠥᠷᠲᠡᠭ ᠬᠠᠮᠤᠭ ᠳᠣᠣᠷ᠎ᠠ ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠶᠡᠭᠡ | ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠲᠥᠬᠦᠮ ᠦᠵᠡᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠨ ᠭᠠᠷᠭᠠᠵᠠᠢ᠃ | ︽ᠵᠢᠯᠤᠭᠤᠳᠬᠤ ᠰᠠᠨᠠᠯ︾ ᠳᠤ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠃ 2024 ᠣᠨ ᠳᠤ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ | ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠰᠢᠭᠤᠯᠤᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠨᠢᠭᠡᠳᠦᠭᠡᠷ ᠪᠦᠯᠦᠭ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠦᠯᠡᠮᠵᠢ ᠠᠰᠠᠭᠤᠳᠠᠯ ᠲᠠᠢ ︽ᠨᠢᠭᠡ ᠠᠵᠢᠯ | ᠶᠠᠪᠤᠳᠠᠯ︾ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠨᠡᠶᠢᠳᠡᠮ | ᠬᠦᠷᠲᠡᠬᠦ᠋ᠢᠴᠡ᠂ ᠣᠶᠤᠨᠯᠢᠭ ᠳᠥᠭᠦᠮ ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠨᠢ ᠪᠦᠷᠢᠯᠳᠦᠭᠦᠯᠦᠨ᠂ ᠠᠵᠤ ᠠᠬᠤᠶᠢᠯᠠᠯ ᠪᠠ ᠬᠤᠪᠢ | ᠬᠥᠮᠥᠨ ᠤ ᠬᠤᠶᠠᠷ ᠪᠦᠬᠦᠯᠢ ᠠᠮᠢ ᠨᠠᠰᠤᠨ ᠤ ᠦᠶᠡᠯᠡᠯ ᠤᠨ ᠴᠢᠬᠤᠯᠠ ᠱᠠᠲᠤᠨ ᠳᠤ ︽ᠥᠨᠳᠥᠷ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠬᠦᠷᠲᠡᠮᠵᠢ ᠶᠢᠨ | ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃ | ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠨᠢᠭᠡ ᠳᠤ᠂ ᠠᠷᠭ᠎ᠠ | ᠵᠠᠮ ᠤᠨ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠳᠤ ︽ᠭᠠᠭᠴᠠᠬᠠᠨ | ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠯᠠ ᠤᠲᠠᠰᠤ ᠪᠠᠷ | ᠬᠠᠷᠢᠭᠤᠯᠬᠤ︾ ᠶᠢ ᠠᠬᠢᠭᠤᠯᠤᠨ᠎ᠠ᠃ ᠬᠤᠶᠠᠷ ᠲᠤ᠂ ᠵᠠᠭᠪᠤᠷ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠪᠣᠭᠳᠠᠬᠤ | ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠳᠤᠲᠠᠭᠳᠠᠬᠤ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ | ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠠᠴᠠ | ᠬᠡᠯᠲᠦᠷᠢᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠶᠢ | ᠴᠢᠩᠭᠠᠳᠬᠠᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠶᠡᠷᠦᠩᠬᠡᠢ ᠬᠦᠢᠰᠦ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ ᠳᠤ ᠰᠢᠨ᠎ᠡ ᠮᠡᠷᠭᠡᠵᠢᠯ ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠨ᠎ᠠ᠃ | ᠳᠥᠷᠪᠡ ᠳᠤ᠂ ᠬᠡᠪᠴᠢᠶ᠎ᠡ ᠶᠢ ᠥᠷᠭᠡᠳᠬᠡᠨ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠠᠪᠰᠤᠷᠤᠨ ᠭᠦᠢᠴᠡᠳᠬᠡᠬᠦ ᠪᠠ | ᠣᠷᠣᠯᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ | ᠪᠠᠶᠠᠯᠢᠭᠵᠢᠭᠤᠯᠵᠤ᠂ ᠦᠷᠳᠡᠭ ᠨᠡᠮᠡᠭᠳᠡᠯ ᠤᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ ᠠᠵᠢᠯ ᠤᠨ | ᠰᠠᠭᠤᠷᠢ ᠶᠢ ᠪᠠᠬᠢᠵᠢᠭᠦᠯᠦᠨ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠬᠢᠭᠡᠳ | ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ | ᠬᠠᠩᠭᠠᠯᠭ᠎ᠠ ᠶᠢ ᠡᠷᠴᠢᠮᠯᠡᠨ᠎ᠡ᠃ | ︽ᠵᠢᠯᠤᠭᠤᠳᠬᠤ ᠰᠠᠨᠠᠯ︾ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠨᠢᠭᠡᠳᠦᠭᠡᠷ | ᠪᠦᠯᠦᠭ ᠤᠨ 13 ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠲᠣᠳᠣᠷᠬᠠᠶᠢᠯᠠᠵᠠᠢ᠃ ᠡᠭᠦᠨ ᠳᠤ ᠂ ᠡᠵᠡᠩᠨᠡᠬᠦ ᠭᠤᠣᠯ | ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 ᠵᠦᠢᠯ ᠪᠣᠶ᠂ ᠳᠠᠷᠤᠢ ᠲᠡᠭᠡᠭᠡᠪᠦᠷᠢ ᠶᠢᠨ ᠠᠵᠤ | ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ ᠰᠦᠯᠵᠢᠶ᠎ᠡ ᠶᠢ ᠬᠠᠮᠲᠤᠷᠠᠭᠤᠯᠤᠨ ᠤᠭᠰᠠᠷᠠᠬᠤ ᠂ ᠢᠲᠡᠭᠡᠮᠵᠢ ᠪᠠᠨ ᠰᠡᠷᠭᠦᠭᠡᠬᠦ᠂ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠮᠡᠳᠡᠭᠡ ᠵᠠᠩᠭᠢ ᠶᠢ | ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠴᠤᠴᠠᠯᠬᠤ ᠵᠡᠷᠭᠡ ᠶᠢ ᠪᠠᠭᠲᠠᠭᠠᠨ᠎ᠠ᠃ ᠬᠤᠪᠢ | ᠬᠥᠮᠥᠨ ᠤ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 5 ᠵᠦᠢᠯ ᠪᠣᠶ᠂ ᠳᠠᠷᠤᠢ ᠰᠤᠷᠭᠠᠭᠤᠯᠢ ᠳᠤ ᠣᠷᠣᠬᠤ᠂ | ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭᠠᠨ ᠤ ᠺᠠᠷᠲ ᠤᠨ ᠦᠢᠯᠡᠴᠢᠯᠡᠭᠡ᠂ ᠵᠡᠮᠳᠡᠭᠴᠦᠳ ᠲᠠᠬᠢ ᠦᠢᠯᠡᠴᠢᠯᠡᠭᠡ | ᠵᠡᠷᠭᠡ ᠶᠢ ᠪᠠᠭᠲᠠᠭᠠᠨ᠎ᠠ᠃ ᠁ | ︽ᠵᠢᠯᠤᠭᠤᠳᠬᠤ ᠰᠠᠨᠠᠯ︾ ᠳᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠪᠠᠷ | ᠭᠤᠣᠯᠳᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ | ᠤᠬᠠᠭᠤᠯᠤᠨ ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ ᠬᠠᠮᠵᠢᠯᠴᠠᠬᠤ ᠪᠠᠨ ᠴᠢᠩᠭᠠᠳᠬᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠲᠤᠷᠰᠢᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ | ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ︾ ᠭᠤᠤᠳᠠᠯᠭ᠎ᠠ ᠲᠠᠢ ᠵᠦᠢᠯᠡᠰ ᠢ ᠵᠢᠯ ᠳᠠᠷᠠᠭᠠᠯᠠᠨ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | |