ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄  ᠲᠦᠯ ᠲᠤᠰᠬᠤ ᠶᠢ ᠪᠠᠶᠠᠷᠯᠠᠨ ᠤᠭᠲᠤᠵᠤ᠂  ᠪᠥᠬᠦ ᠬᠦᠴᠦᠨ ᠢᠶᠠᠷ ᠢᠶᠠᠨ ᠤᠷᠤᠯᠭ᠎ᠠ ᠶᠢ  ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/3/7
   ᠲᠠᠯ᠎ᠠ ᠨᠤᠲᠤᠭ ᠤᠨ ᠮᠠᠯᠴᠢᠳ ᠲᠤ ᠠᠪᠴᠤ ᠬᠡᠯᠡᠪᠡᠯ᠂ ᠬᠠᠪᠤᠷ ᠪᠣᠯ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠠᠶᠢᠨ ᠰᠠᠶᠢᠬᠠᠨ ᠤᠯᠠᠷᠢᠯ ᠮᠥᠨ᠃ ᠣᠳᠣᠬᠠᠨ ᠳᠤ ᠶᠠᠭ ᠮᠠᠯᠴᠢᠳ ᠤᠨ ᠲᠥᠯ ᠲᠤᠰᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠲᠤᠭᠤᠯ᠂ ᠬᠤᠷᠠᠭ᠎ᠠ ᠨᠢ ᠲᠤᠶᠢᠯ ᠤᠨ ᠬᠥᠭᠡᠷᠦᠬᠦᠨ ᠪᠠᠶᠢᠳᠠᠭ᠃ ᠮᠠᠯᠴᠢᠳ ᠶᠠᠭᠠᠷᠠᠤ ᠰᠠᠨᠳᠤᠷᠤᠤ ᠳᠠᠭᠠᠨ ᠪᠠᠶᠠᠷ ᠪᠠᠭ᠋ᠠᠳᠤᠯ ᠲᠠᠢ ᠪᠠᠶᠢᠯ᠎ᠠ᠃    ᠬᠠᠪᠤᠷ ᠤᠨ ᠬᠠᠬᠢᠷ ᠬᠦᠢᠲᠡᠨ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠠᠯᠳᠠᠨ ᠤᠳᠤ ᠭᠠᠴᠠᠭ᠎ᠠ ᠳᠤ᠂ ᠮᠠᠯᠴᠢᠨ ᠴᠡᠩᠭᠡᠯ ᠤᠨ ᠭᠡᠷ ᠤᠨ ᠳᠤᠯᠠᠭᠠᠨ ᠰᠠᠷᠠᠪᠴᠢᠨ ᠳᠤ᠂ ᠵᠢᠷᠮᠦᠰᠦᠨ ᠦᠨᠢᠶ᠎ᠡ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠯᠣᠬᠠᠱᠧᠩ ᠤᠨ ᠴᠢᠬᠢ᠂ ᠡᠪᠡᠰᠦ ᠪᠣᠷᠳᠤᠭ᠎ᠠ ᠶᠢᠨ ᠬᠠᠷᠢᠴᠠᠯ ᠤᠨ ᠡᠪᠡᠰᠦ ᠪᠣᠷᠳᠤᠭ᠎ᠠ ᠶᠢ ᠡᠳ᠋ᠯᠡᠨ᠎ᠡ᠃ ᠰᠢᠨ᠎ᠡ ᠪᠠᠷ ᠨᠡᠮᠡᠭᠳᠡᠭᠰᠡᠨ ᠲᠤᠭᠤᠯ ᠨᠢ ᠴᠢᠭᠢᠷᠠᠭ ᠪᠡᠶ᠎ᠡ ᠲᠠᠢ ᠪᠠᠶᠢᠳᠠᠭ᠃ ᠭᠡᠷ ᠲᠤ 4000 ᠭᠠᠷᠤᠢ ᠮᠦ ᠮᠠᠯᠵᠢᠯ ᠤᠨ ᠲᠠᠯᠠᠪᠠᠶ ᠲᠠᠢ᠂ ᠨᠡᠶᠢᠲᠡ 600 ᠭᠠᠷᠤᠢ ᠬᠤᠨᠢ᠂ 100 ᠭᠠᠷᠤᠢ ᠦᠬᠡᠷ ᠲᠡᠵᠢᠭᠡᠨ ᠦᠷᠡᠵᠢᠭᠦᠯᠵᠦ᠂ ᠬᠤᠷᠠᠭ᠎ᠠ᠂ ᠲᠤᠭᠤᠯ ᠵᠡᠷᠭᠡ ᠶᠢ ᠬᠠᠷᠠᠬᠤ ᠳᠤ᠂ ᠴᠡᠩᠭᠡᠯ ᠤᠨ ᠪᠠᠶᠠᠷ ᠪᠠᠭ᠋ᠠᠳᠤᠯ ᠤᠨ ᠰᠡᠳᠬᠢᠯᠭᠡ ᠨᠢ ᠦᠭᠡ ᠶᠠᠷᠢᠶ᠎ᠠ ᠪᠠ ᠢᠯᠡᠳᠬᠡᠯ ᠤᠨ ᠰᠡᠳᠬᠢᠯᠭᠡ ᠪᠠᠷ ᠪᠢᠯᠬᠠᠵᠤ ᠪᠠᠶᠢᠯ᠎ᠠ᠃    ᠰᠢᠨ᠎ᠡ ᠮᠠᠯᠴᠢᠨ ᠪᠣᠯᠤᠭᠰᠠᠨ ᠤ ᠬᠤᠪᠢ ᠳᠤ᠂ ᠦᠬᠡᠷ ᠬᠤᠨᠢᠨ ᠤ ᠤᠨᠳᠤᠷᠤᠯᠲᠠ ᠶᠢ ᠪᠠᠲᠤᠯᠠᠵᠤ᠂ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠯᠢ ᠡᠷᠲᠡ 2023 ᠣᠨ ᠤ ᠨᠠᠮᠤᠷ᠂ ᠴᠡᠩᠭᠡᠯ 150 ᠲᠣᠨ ᠲᠡᠵᠢᠭᠡᠯ ᠡᠪᠡᠰᠦ᠂ 15 ᠲᠣᠨ ᠲᠡᠵᠢᠭᠡᠯ ᠪᠣᠷᠳᠤᠭ᠎ᠠ ᠵᠡᠷᠭᠡ ᠶᠢ ᠨᠠᠷᠢᠨ ᠨᠢᠮᠪᠠᠢ ᠪᠡᠯᠡᠳᠬᠡᠵᠦ᠂ ᠦᠬᠡᠷ ᠬᠤᠨᠢᠨ ᠤ ︽ᠭᠡᠷ︾ ᠲᠤ ᠳᠤᠯᠠᠭᠠᠨ ᠬᠠᠳᠠᠭᠠᠯᠠᠬᠤ ᠳᠠᠪᠬᠤᠷᠭ᠎ᠠ᠂ ᠳᠦᠷᠰᠦ ᠰᠢᠩᠭᠡᠭᠡᠬᠦ ᠮᠠᠰᠢᠨ ᠤᠭᠰᠠᠷᠠᠭᠰᠠᠨ ᠪᠠᠶᠢᠨ᠎ᠠ᠃ ᠲᠡᠷᠡ ᠭᠠᠳᠠᠨ᠎ᠠ ᠣᠷᠣᠨ ᠳᠤ ᠣᠯᠠᠨᠲᠠ ᠣᠴᠢᠵᠤ ᠠᠷᠠᠯ ᠤᠨ ᠱᠠᠷ ᠰᠠᠶᠢᠵᠢᠷᠠᠭᠤᠯᠬᠤ ᠮᠡᠷᠭᠡᠵᠢᠯ ᠢ ᠰᠤᠷᠴᠤ ᠂ ᠰᠠᠶᠢᠵᠢᠷᠠᠭᠤᠯᠤᠭᠰᠠᠨ ᠰᠢᠮᠧᠨ᠋ᠲ᠋ᠠᠷ ᠦᠬᠡᠷ ᠤᠨ ᠶᠠᠰᠤ ᠨᠢ ᠶᠡᠭᠡ᠂ ᠮᠢᠬ᠎ᠠ ᠨᠢ ᠲᠦᠷᠭᠡᠨ ᠤᠷᠭᠤᠵᠤ᠂ ᠦᠨ᠎ᠡ ᠨᠢ ᠴᠦ ᠤᠤᠯ ᠤᠨ ᠬᠢ ᠠᠴᠠ ᠪᠠᠨ ᠨᠢᠭᠡ ᠲᠠᠬᠢᠨ ᠨᠡᠮᠡᠭᠳᠡᠵᠡᠢ᠃    ᠡᠪᠡᠰᠦ ᠪᠣᠷᠳᠤᠭ᠎ᠠ ᠵᠥᠭᠡᠭᠡᠪᠦᠷᠢᠯᠡᠬᠦ᠂ ᠬᠠᠰᠢᠶ᠎ᠠ ᠰᠠᠷᠠᠪᠴᠢ ᠪᠠᠨ ᠴᠡᠪᠡᠷᠯᠡᠬᠦ᠂ ᠬᠤᠷᠠᠭ᠎ᠠ ᠢᠰᠢᠭᠡ ᠲᠡᠵᠢᠭᠡᠬᠦ ᠁  ᠲᠤᠬᠤᠮ ᠰᠤᠮᠤ ᠶᠢᠨ ᠵᠤᠷᠢᠭᠲᠤ ᠭᠠᠴᠠᠭ᠎ᠠ ᠶᠢᠨ ᠮᠠᠯᠴᠢᠨ ᠢᠳᠠᠮᠵᠠᠪ ᠶᠠᠭᠠᠷᠠᠯᠲᠠᠢ ᠠᠵᠢᠯᠯᠠᠨ᠎ᠠ᠃ ᠲᠡᠳᠡᠨ ᠤ ᠬᠤᠨᠢᠨ ᠤ ᠰᠦᠷᠦᠭ ᠤᠨ ᠦᠢᠯᠡᠳᠪᠦᠷᠢᠯᠡᠯ ᠤᠨ ᠣᠷᠭᠢᠯ ᠦᠶ᠎ᠡ ᠨᠢ ᠰᠢᠪᠲᠤᠷᠭᠠᠨ ᠳᠠᠭᠠᠨ ᠣᠷᠣᠵᠤ᠂ ᠲᠥᠯ ᠲᠤᠰᠬᠤ ᠠᠵᠢᠯ ᠨᠢ ᠤᠷᠢᠳᠤᠬᠢ ᠠᠴᠠ ᠪᠠᠨ 2 ᠰᠠᠷ᠎ᠠ ᠢᠯᠡᠭᠦᠦ ᠤᠷᠢᠳᠴᠢᠯᠠᠵᠠᠢ᠃    ᠢᠳᠠᠮᠵᠠᠪ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠪᠠᠨ 300 ᠪᠣᠯᠭᠠᠨ ᠪᠠᠭᠠᠰᠬᠠᠵᠤ᠂ ᠰᠢᠨ᠎ᠡ ᠮᠠᠶ᠋ᠢᠭ ᠤᠨ ᠳᠤᠯᠠᠭᠠᠨ ᠬᠠᠰᠢᠶ᠎ᠠ ᠪᠠᠶᠢᠭᠤᠯᠵᠤ᠂ ᠬᠤᠨᠢᠨ ᠰᠦᠷᠦᠭ ᠤᠨ ᠬᠥᠮᠥᠨ ᠤ ᠬᠦᠴᠦ ᠪᠠᠷ ᠵᠢᠷᠮᠦᠰᠦᠯᠡᠬᠦ ᠴᠠᠭ ᠢ ᠤᠷᠢᠳᠴᠢᠯᠠᠭᠤᠯᠵᠠᠢ᠃ ᠪᠣᠷᠣᠯᠠᠭᠤᠯᠬᠤ ᠳᠠᠭᠠᠨ ᠬᠤᠷᠠᠭ᠎ᠠ ᠢᠰᠢᠭᠡᠨ ᠤ ᠪᠡᠶ᠎ᠡ ᠶᠢᠨ ᠬᠦᠨᠳᠦ ᠶᠢ 20 ᠵᠢᠩ ᠠᠴᠠ 30 ᠵᠢᠩ ᠨᠡᠮᠡᠭᠳᠡᠭᠦᠯᠵᠦ᠂ ᠳᠤᠮᠳᠠᠴᠢ ᠪᠠᠷ ᠨᠢᠭᠡ ᠬᠤᠨᠢ 200 ᠲᠥᠭᠦᠷᠢᠭ ᠤᠨ ᠣᠷᠣᠯᠭ᠎ᠠ ᠣᠯᠵᠤ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠪᠥᠬᠦ ᠬᠤᠰᠢᠭᠤᠨ ᠤ ᠲᠥᠯ ᠲᠤᠰᠴᠤ ᠪᠣᠶᠢᠵᠢᠭᠤᠯᠬᠤ ᠠᠵᠢᠯ ᠢ ᠦᠷᠭᠦᠯᠵᠢᠯᠡᠨ ᠠᠩᠬᠠᠷᠴᠤ᠂ ᠡᠪᠡᠰᠦ ᠪᠣᠷᠳᠤᠭ᠎ᠠ ᠶᠢᠨ ᠨᠥᠭᠡᠴᠡ᠂ ᠮᠡᠷᠭᠡᠵᠢᠯ ᠤᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠬᠠᠨ ᠶᠦᠩ ᠯᠢᠨ ᠰᠤᠷᠪᠤᠯᠵᠢᠯᠠᠭᠴᠢ ᠳᠤ ᠬᠡᠯᠠᠭᠰᠠᠨ ᠨᠢ᠂ ᠣᠳᠣᠬᠠᠨ ᠳᠤ ᠪᠣᠯᠲᠠᠯ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠥᠯ ᠲᠤᠰᠬᠤ ᠠᠵᠢᠯ 50 ᠶᠢ ᠪᠡᠶᠡᠯᠡᠭᠦᠯᠵᠦ᠂ ᠵᠢᠱᠢᠯᠲᠡ ᠪᠠᠷ 4 ᠰᠠᠷ᠎ᠠ ᠶᠢᠨ ᠡᠴᠦᠰ ᠲᠤ ᠪᠦᠭᠦᠨ ᠢᠶᠠᠷ ᠢᠶᠠᠨ ᠳᠠᠭᠤᠰᠬᠤ ᠪᠣᠯᠣᠨ᠎ᠠ ᠭᠡᠵᠡᠢ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号