ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠠᠭᠤᠯᠪᠠ
ᠨᠡᠶᠢᠲᠡᠯᠡᠭᠰᠡᠨ ᠴᠠᠭ᠄
2024/3/7
   3 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠲᠥᠷᠥᠯ ᠤᠨ ᠭᠡᠰᠢᠭᠦᠨ ᠵᠢᠴᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃    ᠬᠤᠷᠠᠯ ᠠᠴᠠ ᠴᠠᠭᠠᠨ ᠢᠳᠡᠭᠡᠨ ᠤ ᠠᠵᠢᠯ ᠲᠦᠷᠦᠯ ᠤᠨ ᠲᠦᠷᠦᠯ ᠲᠡᠮᠳᠡᠭ ᠤᠨ ᠳᠡᠭᠡᠭᠰᠢᠯᠡᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠵᠠᠮ᠂ ᠨᠡᠶᠢᠭᠡᠮᠯᠢᠭ ᠤᠨ ᠳᠠᠩᠰᠠᠯᠠᠯᠲᠠ ᠵᠡᠷᠭᠡ ᠲᠠᠯ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠨᠡᠶᠢᠭᠡᠮᠯᠢᠭ ᠤᠨ ᠲᠡᠮᠳᠡᠭ ᠤᠨ ᠵᠢᠷᠤᠭ ᠲᠥᠯᠥᠪᠯᠡᠭᠡ᠂ ᠭᠠᠵᠠᠷ ᠵᠦᠢ ᠶᠢᠨ ᠭᠡᠷᠡᠴᠢᠯᠡᠯ ᠤᠨ ᠴᠢᠨᠠᠷᠲᠠᠢ ᠲᠠᠸᠠᠷ ᠤᠨ ᠲᠡᠮᠳᠡᠭ ᠤᠨ ᠭᠤᠶᠤᠴᠢᠯᠠᠯ᠂ ᠪᠡᠯᠡᠭ ᠤᠨ ᠬᠠᠶᠢᠷᠴᠠᠭ ᠤᠨ ᠪᠣᠭᠤᠳᠠᠯ ᠦᠢᠯᠡᠳᠬᠦ᠂ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠡᠷᠡᠭ ᠡᠷᠬᠢᠯᠡᠭᠴᠢ᠂ ᠭᠡᠰᠢᠭᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠠᠨᠠᠯ ᠰᠠᠨᠠᠭᠤᠯᠭ᠎ᠠ ᠪᠠᠨ ᠠᠭᠤᠵᠢᠷᠠᠲᠠᠯ᠎ᠠ ᠶᠠᠷᠢᠯᠴᠠᠵᠠᠢ᠃    ᠬᠤᠷᠠᠯ  ᠠᠴᠠ ᠴᠢᠬᠤᠯᠠᠴᠢᠯᠠᠭᠰᠠᠨ ᠨᠢ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠬᠠᠮᠲᠤ ᠪᠠᠷ ᠣᠷᠣᠯᠴᠠᠵᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠬᠡᠷᠡᠭᠲᠡᠢ᠃ ᠨᠡᠶᠢᠭᠡᠮᠯᠢᠭ ᠤᠨ ᠭᠡᠰᠢᠭᠦᠳ ᠶᠡᠭᠡ ᠲᠠᠯ᠎ᠠ ᠶᠢᠨ ᠦᠵᠡᠯᠲᠡ ᠪᠠ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号