ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/3/7
    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2024 ᠣᠨ ᠤ 3 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃     ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠪᠠ᠃ ᠭᠤᠣᠯᠳᠠᠭᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ  ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃     ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0482-8775886᠂ ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠤᠲᠠᠰᠤᠨ ᠤ ᠴᠠᠭ ᠨᠢ 8:00-18:00︔ ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ A011 ᠳ᠋ᠦᠭᠡᠷ ᠨᠣᠮᠧᠷ︔ ᠡᠯᠧᠺᠲᠷᠣᠨ ᠰᠢᠤᠳᠠᠨ ᠬᠠᠶᠢᠷᠴᠠᠭ᠄ nmgxskyqq@163.com︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦᠩ ᠳ᠋ᠧ ᠪᠠᠷᠠᠭᠤᠨ ᠵᠡᠭᠡᠯᠢ ᠬᠢᠭᠡᠳ ᠤᠯᠠᠭᠠᠨᠮᠣᠳᠤ ᠵᠠᠮ ᠤᠨ ᠠᠭᠤᠯᠵᠠᠷ ᠲᠠᠬᠢ ᠱᠢ ᠵᠢᠢ ᠵᠣᠴᠢᠳ ᠤᠨ ᠪᠠᠭᠤᠳᠠᠯ ︵ᠱᠢ ᠵᠢᠢ ᠸᠠᠩ ᠽᠤᠤ ᠵᠣᠴᠢᠳ ᠤᠨ ᠪᠠᠭᠤᠳᠠᠯ︶᠃ ᠡᠭᠦᠨ ᠤ ᠬᠠᠮᠲᠤ᠂ ᠱᠢ ᠵᠢᠢ ᠵᠣᠴᠢᠳ ᠤᠨ ᠪᠠᠭᠤᠳᠠᠯ ︵ᠱᠢ ᠵᠢᠢ ᠸᠠᠩ ᠽᠤᠤ ᠵᠣᠴᠢᠳ ᠤᠨ ᠪᠠᠭᠤᠳᠠᠯ︶ ᠤᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠶᠢᠨ ᠭᠠᠳᠠᠷ ᠬᠡᠷᠡᠮ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠭᠤᠣᠯ ᠠᠰᠠᠷ ᠬᠢᠭᠡᠳ ᠪᠠᠷᠠᠭᠤᠨ ᠳᠠᠭᠠᠯᠲᠠ ᠠᠰᠠᠷ ᠲᠠᠢ ᠬᠤᠯᠪᠣᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠡᠭᠦᠳᠡᠨ ᠲᠢᠩᠬᠢᠮ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 20  ᠤ ᠡᠳᠦᠷ ᠬᠦᠷᠦᠨ᠎ᠡ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢᠶᠠᠨ ᠦᠨᠡᠨ ᠮᠥᠨ ᠢᠶᠠᠷ ᠨᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号