ᠤᠯᠠᠭᠠᠨᠮᠣᠳᠤ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠᠯᠴᠢᠳ ᠢ ᠰᠤᠷᠪᠤᠯᠵᠢᠯᠠᠬᠤ ᠳᠠᠭᠠᠨ ᠠᠷᠠᠳ ᠤᠨ ᠰᠠᠨᠠᠯ ᠢ ᠰᠣᠨᠣᠰᠴᠤ ᠠᠷᠠᠳ ᠤᠨ ᠪᠠᠶᠢᠳᠠᠯ ᠢ ᠳᠠᠮᠵᠢᠭᠤᠯᠵᠤ ᠠᠷᠠᠳ ᠤᠨ ᠰᠠᠨᠠᠭ᠎ᠠ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2024/3/8
   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠷ ᠬᠤᠷᠠᠯ ᠣᠶᠢᠷᠠᠳᠬᠤ ᠶᠢ ᠳᠠᠭᠠᠯᠳᠤᠨ᠂ ᠣᠶᠢᠷ᠎ᠠ ᠳᠤ᠂ ᠤᠯᠠᠭᠠᠨᠮᠣᠳᠤ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ᠂ ᠠᠷᠠᠳ ᠤᠨ ᠪᠠᠶᠢᠳᠠᠯ ᠢ ᠰᠤᠷᠪᠤᠯᠵᠢᠯᠠᠵᠤ᠂ ᠠᠷᠠᠳ ᠤᠨ ᠰᠠᠨᠠᠯ ᠢ ᠰᠣᠨᠣᠰᠴᠤ᠂ ᠰᠠᠨᠠᠭᠤᠯᠭ᠎ᠠ ᠳᠤᠷᠠᠳᠤᠯᠭ᠎ᠠ ᠶᠢ ᠲᠡᠭᠦᠯᠳᠡᠷᠵᠢᠭᠦᠯᠦᠨ᠂ ᠠᠷᠠᠳ ᠣᠯᠠᠨ ᠤ ᠬᠦᠰᠡᠯ ᠱᠠᠭᠠᠷᠳᠠᠯᠭ᠎ᠠ ᠪᠠ ︽ᠠᠷᠠᠳ ᠤᠨ ᠠᠮᠢᠳᠤᠷᠠᠯ ᠤᠨ ᠰᠠᠨᠠᠯ ᠳᠤᠷᠠᠳᠤᠯᠭ᠎ᠠ︾ ᠶᠢ ᠬᠤᠶᠠᠷ ᠬᠤᠷᠠᠯ ᠳᠤ ᠠᠪᠴᠢᠷᠠᠪᠠ᠃    ᠲᠤᠩᠭᠠᠯᠠᠭ ᠰᠠᠶᠢᠬᠠᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠠᠷᠠᠳ ᠤᠨ ᠲᠥᠯᠥᠭᠡᠯᠡᠭᠴᠢ ᠴᠢᠤᠸᠠᠨ ᠹᠦ᠋ ᠠᠵᠢᠯᠲᠠᠳ ᠲᠠᠢ ᠪᠠᠨ ᠬᠠᠮᠲᠤ ᠥᠪᠥᠷ ᠵᠢᠯᠠᠭ᠎ᠠ ᠭᠠᠴᠠᠭ᠎ᠠ ᠶᠢᠨ ᠮᠠᠯᠴᠢᠨ ᠣᠶᠤᠨᠪᠠᠭᠠᠨ᠎ᠠ ᠶᠢᠨ ᠭᠡᠷ ᠲᠤ ᠬᠦᠷᠴᠦ᠂ ᠠᠷᠠᠳ ᠤᠨ ᠲᠠᠭᠤᠨ ᠠᠷᠠᠳ ᠤᠨ ᠰᠠᠨᠠᠭ᠎ᠠ ᠶᠢ ᠴᠤᠭᠯᠠᠭᠤᠯᠤᠭᠰᠠᠨ ᠪᠠᠶᠢᠨ᠎ᠠ᠃ ᠭᠡᠷ ᠤᠨ ᠢᠶᠠᠨ ᠡᠭᠦᠳᠡᠨ ᠳᠤ ᠪᠠᠶᠢᠭᠰᠠᠨ ᠣᠶᠤᠨᠪᠠᠭᠠᠨ᠎ᠠ ᠶᠢ ᠡᠷᠲᠡ ᠠᠴᠠ ᠬᠦᠯᠢᠶᠡᠭᠡᠳ ᠲᠤᠶᠢᠯ ᠤᠨ ᠶᠡᠭᠡ ᠪᠠᠷ ᠰᠡᠳᠬᠢᠯ ᠬᠥᠳᠡᠯᠪᠡ᠃ ᠲᠣᠰᠬᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠣᠶᠤᠨᠪᠠᠭᠠᠨ᠎ᠠ ᠪᠠᠰᠠ ᠨᠠᠮ ᠤᠨ ᠭᠡᠰᠢᠭᠦᠨ ᠤ ᠭᠤᠣᠯᠳᠠᠯᠭ᠎ᠠ ᠲᠠᠢ ᠡᠷᠦᠬᠡ ᠪᠠᠶᠢᠵᠤ᠂ ᠡᠷᠬᠢᠨ ᠲᠣᠭᠤᠷᠢᠨ ᠤ ᠬᠡᠳᠦᠨ ᠠᠷᠪᠠᠨ ᠡᠷᠦᠬᠡ ᠮᠠᠯᠴᠢᠳ ᠲᠠᠢ ᠬᠠᠷᠢᠯᠴᠠᠵᠤ ᠦᠢᠯᠡᠴᠢᠯᠡᠬᠦ ᠠᠵᠢᠯ ᠢ ᠬᠠᠷᠢᠭᠤᠴᠠᠨ᠎ᠠ᠃  ︽ᠡᠨᠡ ᠬᠤᠶᠠᠷ ᠵᠢᠯ ᠳᠤ ᠦᠬᠡᠷ ᠬᠤᠨᠢᠨ ᠤ ᠦᠨ᠎ᠡ ᠶᠡᠷᠦ ᠠᠴᠠ ᠲᠡᠶᠢᠮᠦ ᠰᠠᠶᠢᠨ ᠪᠢᠰᠢ ᠪᠠᠶᠢᠭᠰᠠᠨ ᠪᠣᠯᠪᠠᠴᠤ ᠡᠪᠡᠰᠦ ᠪᠣᠷᠳᠤᠭ᠎ᠠ ᠤᠯᠠᠮ ᠠᠴᠠ ᠤᠯᠠᠮ ᠦᠨᠡᠲᠡᠢ ᠪᠣᠯᠵᠤ᠂ ᠮᠠᠨ ᠤ ᠳᠠᠷᠤᠯᠲᠠ ᠮᠠᠰᠢ ᠶᠡᠭᠡ ᠪᠠᠶᠢᠭ᠎ᠠ ᠪᠣᠯᠬᠤᠷ ᠪᠢᠳᠡ ᠪᠠᠰᠠ ᠲᠡᠵᠢᠭᠡᠯ ᠪᠣᠷᠳᠣᠭᠠᠨ ᠤ ᠫᠧᠩ᠂ ᠳᠤᠯᠠᠭᠠᠨ ᠫᠧᠩ ᠪᠠᠶᠢᠭᠤᠯᠵᠤ᠂ ᠦᠬᠡᠷ ᠬᠤᠨᠢ ᠶᠢ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠂ ᠡᠳᠡᠭᠡᠷ ᠵᠦᠢᠯᠡᠰ ᠢ ᠵᠠᠷᠢᠮ ᠵᠦᠢᠯ ᠪᠣᠯᠣᠨ ᠰᠤᠮᠤᠨ ᠤ ᠳᠡᠮᠵᠢᠯᠭᠡ ᠬᠡᠷᠡᠭᠲᠡᠢ ᠪᠠᠶᠢᠨ᠎ᠠ ᠃︾ ᠭᠡᠵᠦ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠦᠷᠴᠦ ᠢᠷᠡᠬᠦ ᠶᠢ ᠬᠠᠷᠠᠭᠠᠳ ᠣᠶᠤᠨᠪᠠᠭᠠᠨ᠎ᠠ ᠦᠭᠡ ᠪᠠᠨ ᠳᠡᠯᠭᠡᠪᠡ᠃    ᠣᠶᠢᠷ᠎ᠠ ᠶᠢᠨ ᠵᠢᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠵᠢᠯ ᠳᠠᠷᠠᠭᠠᠯᠠᠨ ᠳᠡᠭᠡᠭᠰᠢᠯᠡᠵᠦ ᠪᠠᠶᠢᠨ᠎ᠠ᠂ ᠭᠡᠪᠡᠴᠦ ᠴᠠᠭ ᠦᠶ᠎ᠡ ᠶᠢᠨ ᠬᠤᠪᠢᠷᠠᠯᠲᠠ ᠶᠢ ᠳᠠᠭᠠᠯᠳᠤᠨ᠂ ᠮᠠᠯᠵᠢᠬᠤ ᠣᠷᠣᠨ ᠤ ᠬᠥᠭᠵᠢᠯᠲᠡ ᠳᠤ ᠵᠠᠷᠢᠮ ᠰᠢᠨ᠎ᠡ ᠪᠠᠶᠢᠳᠠᠯ ᠢᠯᠡᠷᠡᠵᠦ᠂ ᠢᠯᠠᠩᠭᠤᠶ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠠᠮᠢ ᠠᠬᠤᠢ ᠶᠢ ᠬᠡᠷᠬᠢᠨ ᠬᠠᠮᠠᠭᠠᠯᠠᠬᠤ ᠪᠠ ᠠᠵᠤ ᠦᠢᠯᠡᠰ ᠢ ᠬᠡᠷᠬᠢᠨ ᠬᠥᠭᠵᠢᠭᠦᠯᠬᠦ ᠶᠢᠨ ᠬᠤᠭᠤᠷᠣᠨᠳᠤ ᠰᠢᠨ᠎ᠡ ᠥᠷᠢᠰᠦᠯᠳᠦᠭᠡᠨ ᠲᠤᠯᠭᠠᠷᠠᠪᠠ᠃    ︽ᠣᠶᠤᠨᠪᠠᠭᠠᠨ᠎ᠠ ᠶᠢᠨ ᠪᠢᠳᠡᠨ ᠳᠤ ᠳᠤᠷᠠᠳᠤᠭᠰᠠᠨ ᠰᠠᠨᠠᠯ ᠰᠠᠨᠠᠭᠤᠯᠭ᠎ᠠ ᠨᠢ ᠮᠥᠨ ᠴᠦ ᠥᠪᠥᠷ ᠵᠢᠯᠠᠭ᠎ᠠ ᠭᠠᠴᠠᠭ᠎ᠠ ᠶᠢᠨ ᠪᠤᠰᠤᠳ ᠮᠠᠯᠴᠢᠳ ᠤᠨ ᠰᠡᠳᠬᠢᠯ ᠤᠨ ᠦᠭᠡ ᠪᠣᠯᠣᠨ᠎ᠠ᠂ ᠪᠢᠳᠡ ᠡᠲᠡᠭᠡᠷ ᠰᠠᠨᠠᠯ ᠰᠠᠨᠠᠭᠤᠯᠭ᠎ᠠ ᠶᠢ ᠰᠠᠶᠢᠲᠤᠷ ᠡᠮᠬᠢᠯᠡᠵᠦ᠂ ᠴᠠᠭ ᠲᠤᠬᠠᠢ ᠳᠤᠨᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠷᠢᠭᠤ ᠮᠡᠳᠡᠭᠦᠯᠦᠨ᠎ᠡ ᠃︾  ᠭᠡᠵᠦ ᠴᠢᠤᠸᠠᠨ ᠹᠦ᠋ ᠬᠡᠯᠡᠪᠡ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号