ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠮᠥᠷᠥᠶᠢᠴᠡᠭᠡᠨ ᠤ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2024/4/1
   3 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠮᠥᠷᠥᠶᠢᠴᠡᠭᠡᠨ ᠥᠷᠨᠢᠭᠦᠯᠪᠡ ᠃ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠪᠥᠬᠦ ᠺᠠᠳ᠋ᠷ ᠠᠵᠢᠯᠲᠠᠨ ᠠᠵᠢᠯᠯᠠᠭ᠎ᠠ ᠳᠤ ᠬᠠᠮᠲᠤ ᠪᠠᠷ  ᠤᠷᠤᠯᠴᠠᠪᠠ᠃     ᠤᠷᠤᠯᠳᠤᠭᠠᠨ ᠳᠤ ᠬᠤᠪᠢ ᠬᠥᠮᠥᠨ ᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ᠂ ᠪᠣᠳᠠᠲᠤ ᠶᠠᠪᠤᠳᠠᠯ ᠤᠨ ᠰᠡᠳᠦᠪ ᠵᠡᠷᠭᠡ ᠳᠥᠷᠪᠡᠨ ᠭᠤᠭᠴᠤᠭ᠎ᠠ ᠶᠢ ᠲᠣᠬᠢᠷᠠᠭᠤᠯᠵᠤ᠂ ᠨᠠᠮ ᠤᠨ ᠪᠠᠶᠢᠭᠤᠯᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ᠂ ᠲᠤᠬᠠᠶᠢᠯᠠᠭᠰᠠᠨ ᠠᠵᠢᠯ ᠤᠨ ᠶᠠᠪᠤᠴᠠ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠴᠠᠢ᠃ ᠤᠷᠤᠯᠳᠤᠭᠠᠨ ᠤ ᠲᠤᠬᠠᠢ ᠶᠢᠨ ᠲᠠᠯᠠᠪᠠᠶ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠡᠳ᠋ ᠤᠨ ᠶᠠᠪᠤᠳᠠᠯ ᠤᠨ ᠲᠠᠰᠤᠭ ᠤᠨ ᠲᠥᠯᠥᠭᠡᠯᠡᠭᠴᠢᠳ ᠤᠨ ᠠᠩᠭᠢ᠂ ᠪᠠᠶᠢᠭᠤᠯᠭ᠎ᠠ ᠶᠢᠨ ᠲᠥᠯᠥᠭᠡᠯᠡᠭᠴᠢᠳ ᠤᠨ ᠠᠩᠭᠢ᠂ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠲᠥᠯᠥᠭᠡᠯᠡᠭᠴᠢᠳ ᠤᠨ ᠠᠩᠭᠢ᠂ ᠰᠠᠭᠤᠭᠠᠯᠢ ᠠᠷᠠᠳ ᠤᠨ ᠲᠤᠬᠠᠶᠢᠯᠠᠭᠰᠠᠨ ᠠᠵᠢᠯ ᠤᠨ ᠲᠥᠯᠥᠭᠡᠯᠡᠭᠴᠢᠳ ᠤᠨ ᠠᠩᠭᠢ᠂ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ ᠵᠡᠷᠭᠡ 5 ᠲᠥᠯᠥᠭᠡᠯᠡᠭᠴᠢᠳ ᠤᠨ ᠠᠩᠭᠢ ᠶᠢᠨ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠯᠠᠪᠳᠠᠭᠤᠨ ᠲᠣᠭᠲᠠᠭᠤᠨ ᠢᠶᠠᠷ ᠤᠭᠲᠤᠨ ᠪᠠᠶᠢᠯᠳᠤᠵᠤ᠂ ᠠᠩᠭᠢ ᠶᠢᠨ ᠨᠥᠬᠦᠳ ᠲᠠᠢ ᠪᠠᠨ ᠨᠢᠭᠲᠠ ᠬᠠᠮᠵᠢᠯᠴᠠᠨ᠂ ᠲᠦᠷᠭᠡᠨ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠡᠮ ᠡᠮᠨᠡᠯᠭᠡ ᠶᠢᠨ ᠳᠠᠭᠠᠳᠬᠠᠯ ᠤᠨ ᠮᠡᠳᠡᠯᠭᠡ ᠶᠢᠨ ᠰᠠᠭᠤᠷᠢ ᠪᠠ ᠰᠢᠯᠢᠳᠡᠭ ᠪᠦᠯᠬᠦᠮ ᠤᠨ ᠵᠣᠷᠢᠭ ᠰᠠᠨᠠᠭ᠎ᠠ ᠢᠯᠡᠷᠡᠪᠡ᠃ ᠦᠨᠡᠨ ᠢᠶᠠᠷ ᠠᠳᠠᠯᠢᠳᠬᠠᠬᠤ᠂ ᠦᠨᠡᠨ ᠢᠶᠠᠷ ᠪᠣᠯᠪᠠᠰᠤᠷᠠᠭᠤᠯᠬᠤ ᠳᠤᠮᠳᠠ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠠᠵᠢᠯᠲᠠᠨ ᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠠᠳᠠᠯᠢᠳᠬᠠᠬᠤ᠂ ᠰᠤᠷᠤᠯᠴᠠᠬᠤ᠂ ᠳᠠᠪᠠᠭ᠋ᠤ︾ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ᠄ ︽ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠢᠭᠡ ᠪᠦᠯᠦᠭ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠤᠷ᠎ᠠ ᠴᠢᠳᠠᠪᠤᠷᠢ ᠪᠠᠷ ᠴᠢᠩᠭ᠎ᠠ᠂ ᠬᠡᠪ ᠰᠤᠷᠲᠠᠯ ᠢᠶᠠᠷ ᠰᠢᠯᠢᠳᠡᠭ ᠡᠮ ᠡᠮᠨᠡᠯᠭᠡ ᠶᠢᠨ ᠳᠠᠭᠠᠳᠬᠠᠯ ᠤᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠥᠷᠭᠡᠨ ᠣᠯᠠᠨ ᠲᠦᠮᠡᠨ ᠳᠤ ᠨᠠᠩ ᠰᠢᠯᠢᠳᠡᠭ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ︾ ᠭᠡᠵᠡᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号