ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/1
   3 ᠰᠠᠷ᠎ᠠ ᠶᠢᠨ 31 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠠᠯ ᠳᠤ ᠣᠷᠣᠯᠴᠠᠵᠤ᠂ ᠬᠤᠷᠠᠯ ᠢ ᠬᠤᠰᠢᠭᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠡᠷᠬᠢᠯᠡᠪᠡ᠃   ᠬᠤᠷᠠᠯ ᠠᠴᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ  ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠷᠰᠢᠯᠭ᠎ᠠ ᠪᠠᠨ ᠳ᠋ᠦᠩᠨᠡᠨ᠂ ᠣᠳᠣᠬᠠᠨ ᠤ ᠪᠠᠶᠢᠳᠠᠯ ᠢ ᠵᠠᠳᠠᠯᠵᠤ᠂ ᠲᠠᠷᠠᠭᠠᠴᠢ  ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠲᠣᠭᠲᠠᠭᠠᠬᠤ ᠠᠵᠢᠯ ᠳᠤ ᠣᠷᠣᠯᠴᠠᠵᠤ ᠰᠢᠨ᠎ᠡ ᠳᠡᠭᠲᠡᠷ ᠲᠤ ᠭᠠᠷᠬᠤ  ᠶᠢ ᠠᠬᠢᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ ᠠᠷᠠᠳ ᠤᠨ ᠤᠶᠤᠨ ᠢ ᠥᠷᠭᠡᠨ ᠢᠶᠠᠷ ᠰᠢᠩᠭᠡᠬᠡᠨ ᠠᠪᠴᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠦᠨᠳᠦᠰᠦᠨ ᠱᠠᠲᠤᠨ ᠤ ᠠᠷᠠᠳ ᠤᠯᠠᠨ ᠤ ᠲᠠᠭᠤᠨ ᠢ ᠭᠦᠢᠴᠡᠳ ᠰᠣᠨᠣᠰᠴᠤ᠂ ᠨᠠᠩ ᠣᠯᠠᠨ ᠴᠢᠨᠠᠷ ᠰᠠᠶᠢᠲᠠᠢ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠴᠤ᠂ ᠨᠠᠩ ᠣᠯᠠᠨ ︽ᠡᠮᠦᠨᠡᠲᠦ ᠬᠤᠰᠢᠭᠤᠨ ᠤ ᠰᠠᠨᠠᠯ ᠲᠠᠭᠤᠨ︾ ᠢ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠯᠭ᠎ᠠ ᠳᠤ ᠰᠢᠭᠤᠳ ᠬᠦᠷᠭᠡᠬᠦ ᠬᠡᠷᠡᠭᠲᠡᠢ︔ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽123︾ ᠠᠵᠢᠯ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠳᠦᠯᠭᠡ ᠶᠢᠨ ᠰᠦᠪᠡᠭᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ ᠱᠠᠲᠤᠨ ᠤ ᠦᠢᠯᠡᠳᠦᠯᠭᠡ ᠶᠢ ᠬᠠᠮᠲᠤᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠶ ᠪᠣᠯᠭᠠᠵᠤ᠂ ᠪᠥᠬᠦ ᠬᠤᠰᠢᠭᠤᠨ ᠤ ︽ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠨ᠂ ᠪᠦᠬᠦᠯᠢ ᠴᠣᠭᠴᠠ ᠪᠠᠷ ᠠᠬᠢᠭᠤᠯᠵᠤ᠂ ᠬᠠᠮᠵᠢᠯᠴᠠᠨ ᠬᠦᠴᠦᠯᠡᠵᠦ᠂ ᠬᠠᠷᠢᠯᠴᠠᠨ ᠳᠡᠮᠵᠢᠵᠦ᠂ ᠳᠡᠭᠡᠳᠦ ᠳᠣᠣᠷᠠᠳᠤ ᠱᠠᠲᠤ ᠶᠢ ᠬᠤᠯᠪᠣᠭᠰᠠᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠤᠭᠰᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯᠯᠠᠭᠤᠯᠤᠭᠰᠠᠨ᠂ ᠵᠠᠰᠠᠭ ᠤᠨ ᠣᠷᠳᠣᠨ ᠲᠦᠰᠢᠭᠯᠡᠭᠰᠡᠨ᠂ ᠡᠯ᠎ᠡ ᠲᠠᠯ᠎ᠠ ᠶᠢᠨ ᠬᠢᠨ ᠣᠷᠣᠯᠴᠠᠭᠰᠠᠨ ᠠᠵᠢᠯ ᠤᠨ ᠪᠠᠶᠢᠷᠢᠰᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ︽ᠡᠮᠦᠨᠡᠲᠦ ᠬᠤᠰᠢᠭᠤᠨ ᠤ ᠴᠣᠩᠬᠤ︾ ᠪᠣᠯᠭᠠᠨ ᠪᠠᠶᠢᠭᠤᠯᠤᠨ᠎ᠠ᠃    ᠬᠤᠰᠢᠭᠤᠨ ᠤ ᠤᠳᠤᠷᠢᠳᠤᠯᠭ᠎ᠠ ᠳ᠋ᠢᠩ ᠪᠥᠸᠧ᠂ ᠵᠠᠩ ᠵᠢᠶᠦ᠋ᠨ ᠢᠦᠢ᠂ ᠯᠢᠦ ᠢᠦᠢ ᠪᠥᠸᠧ᠂ ᠮᠠ ᠨᠢᠩ᠂ ᠸᠠᠩ ᠰᠢᠤᠸᠠᠢ ᠸᠧᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠢᠭᠦᠬᠦ ᠪᠠᠶᠢᠴᠠᠭᠠᠬᠤ ᠬᠤᠶᠠᠷ ᠬᠤᠷᠢᠶ᠎ᠠ  ᠶᠢᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号